ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠷᠡᠭᠳᠡᠭᠰᠡᠨ ᠪᠠᠭᠠᠲᠤᠷᠴᠤᠳ ᠤᠨ ᠲᠡᠷᠢᠭᠦᠨ ᠤ ᠦᠶᠯᠡ ᠠᠵᠢᠯᠯᠠᠭ᠎ᠠ ᠶᠢᠨ ᠲᠣᠭᠤᠷᠢᠨ ᠮᠡᠳᠡᠭᠦᠯᠦᠯᠲᠡ ᠮᠠᠨ ᠤ ᠣᠷᠣᠨ ᠳᠤ ᠶᠠᠪᠤᠭᠳᠠᠪᠠ ᠵᠧᠩ ᠭᠤᠸᠠᠩ ᠵᠣᠣ ᠮᠡᠳᠡᠭᠦᠯᠦᠯᠲᠡ ᠶᠢᠨ ᠪᠦᠯᠬᠦᠮ ᠤᠨ ᠭᠡᠰᠢᠭᠦᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2023/12/28
   12 ᠳ᠋ᠤᠭᠠᠷ ᠰᠠᠷ᠎ᠠ ᠶᠢᠨ 25 ᠤ ᠡᠳᠦᠷ᠂ ︽ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠶ᠎ᠠ︾ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠷᠡᠭᠳᠡᠭᠰᠡᠨ ᠪᠠᠭᠠᠲᠤᠷᠴᠤᠳ ᠤᠨ ᠲᠡᠷᠢᠭᠦᠨ ᠤ ᠦᠶᠯᠡ ᠠᠵᠢᠯᠯᠠᠭ᠎ᠠ ᠶᠢᠨ ᠲᠣᠭᠤᠷᠢᠨ ᠮᠡᠳᠡᠭᠦᠯᠦᠯᠲᠡ ᠮᠠᠨ ᠤ ᠣᠷᠣᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠮᠡᠳᠡᠭᠦᠯᠦᠯᠲᠡ ᠶᠢᠨ ᠪᠦᠯᠬᠦᠮ ᠤᠨ ᠭᠡᠰᠢᠭᠦᠳ ᠲᠠᠢ ᠠᠭᠤᠯᠵᠠᠪᠠ᠃    ᠮᠡᠳᠡᠭᠦᠯᠦᠯᠲᠡ ᠳᠤ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠳᠠᠶᠢᠴᠢᠨ ᠬᠠᠨᠢ ᠵᠢᠴᠢ ᠵᠠᠯᠠᠭᠤ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢᠳ ᠦᠷᠡᠭᠳᠡᠭᠰᠡᠨ ᠪᠠᠭᠠᠲᠤᠷᠴᠤᠳ ᠤᠨ ᠠᠮᠢᠳᠤ ᠰᠡᠷᠡᠭᠦᠨ ᠦᠶ᠎ᠡ ᠶᠢᠨ ᠰᠡᠳᠬᠢᠯ ᠬᠥᠳᠡᠯᠭᠡᠮ᠎ᠡ ᠦᠯᠢᠭᠡᠷ ᠤᠳ ᠢ ᠭᠦᠨ ᠰᠡᠳᠬᠢᠯᠭᠡ ᠲᠠᠢ ᠪᠠᠷ ᠶᠠᠷᠢᠭᠰᠠᠨ ᠨᠢ ᠦᠵᠡᠭᠴᠢᠳ ᠢ ᠴᠠᠭ ᠪᠠ ᠣᠷᠣᠨ ᠵᠠᠢ ᠶᠢ ᠠᠯᠤᠰᠯᠠᠭᠤᠯᠵᠤ ᠳᠡᠳᠡᠨ ᠲᠠᠢ ᠠᠭᠤᠯᠵᠠᠭᠤᠯᠵᠠᠢ᠃ ᠥᠷᠭᠡᠨ ᠤᠯᠠᠨ ᠺᠠᠳ᠋ᠷ ᠴᠠᠭᠳᠠᠭ᠎ᠠ ᠨᠠᠷ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ ᠰᠣᠷᠣᠯᠴᠠᠵᠤ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠲᠤ ᠢᠯᠡᠭᠡᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠷᠡᠭᠳᠡᠭᠰᠡᠨ ᠪᠠᠭᠠᠲᠤᠷᠴᠤᠳ ᠢᠶᠠᠷ ᠳᠠᠭᠤᠷᠢᠶᠠᠯ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠴᠡᠭᠡᠵᠢᠯᠡᠵᠦ᠂ ᠴᠠᠭᠠᠷᠠᠭᠰᠠᠨ ᠴᠢᠳᠠᠪᠤᠷᠢ ᠶᠢ ᠪᠣᠯᠪᠠᠰᠤᠷᠠᠭᠤᠯᠵᠤ᠂ ᠨᠠᠮ ᠪᠠ ᠠᠷᠠᠳ ᠲᠦᠮᠡᠨ ᠤ ᠰᠢᠳᠤᠷᠭᠤ ᠬᠠᠮᠠᠭᠠᠯᠠᠭᠴᠢ ᠪᠣᠯᠣᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号