ᠵᠢᠯ ᠡᠬᠢᠯᠡᠭᠰᠡᠨ ᠠᠴᠠ ᠨᠠᠭᠠᠰᠢ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 1300 ᠭᠠᠷᠤᠢ ᠠᠵᠤ ᠠᠬᠤᠢ ᠶᠢᠨ ᠶᠠᠯᠠᠲᠤ ᠬᠡᠷᠡᠭ ᠢ ᠳᠡᠩᠨᠡᠨ ᠢᠯᠡᠷᠡᠭᠦᠯᠪᠡ
ᠨᠡᠶᠢᠲᠡᠯᠡᠭᠰᠡᠨ ᠴᠠᠭ᠄
2023/12/29
   ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠣᠶᠢᠯᠠᠭᠠᠭᠰᠠᠨ ᠨᠢ᠂ ᠡᠨᠡ ᠵᠢᠯ ᠡᠬᠢᠯᠡᠭᠰᠡᠨ ᠠᠴᠠ ᠨᠠᠭᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡ᠂ ᠭᠠᠶᠢᠯᠢ ᠶᠢᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠠᠢ ᠬᠠᠮᠲᠤᠷᠠᠨ ᠮᠥᠩᠭᠦᠨ ᠭᠦᠢᠯᠭᠡᠭᠡ᠂ ᠡᠳ᠋ ᠤᠨ ᠵᠠᠰᠠᠭ ᠭᠠᠶᠢᠯᠢ ᠲᠠᠲᠠᠪᠤᠷᠢ᠂ ᠠᠷᠠᠯᠵᠢᠶ᠎ᠠ ᠬᠤᠳᠠᠯᠳᠤᠭ᠎ᠠ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠡᠯ᠎ᠡ ᠲᠥᠷᠥᠯ ᠤᠨ ᠠᠵᠤ ᠠᠬᠤᠢ ᠶᠢᠨ ᠶᠠᠯᠠᠲᠤ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠭᠦᠭᠰᠡᠨ ᠪᠠ ᠴᠢᠩᠭ᠎ᠠ ᠰᠡᠷᠭᠡᠶᠢᠯᠡᠭᠡᠳ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 1300 ᠭᠠᠷᠤᠢ ᠠᠵᠤ ᠠᠬᠤᠢ ᠶᠢᠨ ᠶᠠᠯᠠᠲᠤ ᠬᠡᠷᠡᠭ ᠢ ᠳᠡᠩᠨᠡᠨ ᠢᠯᠡᠷᠡᠭᠦᠯᠵᠦ᠂ 9.6 ᠳ᠋ᠦᠩᠰᠢᠭᠤᠷ ᠭᠠᠷᠤᠢ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠤ ᠂ 2000 ᠭᠠᠷᠤᠢ ᠰᠡᠵᠢᠭᠲᠡᠨ ᠢ ᠪᠠᠷᠢᠪᠴᠢᠯᠠᠵᠠᠢ᠃    ᠠᠵᠢᠯ ᠤᠨ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠠᠵᠤ ᠠᠬᠤᠢ ᠶᠢᠨ ᠶᠠᠯᠠᠲᠤ ᠠᠵᠢᠯᠯᠠᠭ᠎ᠠ ᠨᠤᠭᠤᠳ ᠲᠤ ᠪᠥᠬᠦ ᠬᠡᠯᠬᠢᠶ᠎ᠡ ᠪᠠᠷ ᠴᠢᠩᠭ᠎ᠠ ᠴᠣᠬᠢᠯᠲᠠ ᠥᠭᠴᠡᠢ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠰᠥᠨᠥᠭᠡᠯᠲᠡ 23︾ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡ ᠪᠦᠯᠦᠭ ᠰᠢᠨ᠎ᠡ ᠮᠠᠶ᠋ᠢᠭ ᠤᠨ ᠵᠣᠭᠤᠰ ᠤᠬᠢᠶᠠᠭᠰᠠᠨ ᠪᠠ ᠬᠠᠤᠯᠢ ᠪᠣᠰᠤ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠡᠷᠡᠭ ᠢ ᠬᠡᠷᠡᠭ ᠪᠣᠯᠭᠠᠨ ᠳᠠᠩᠰᠠᠯᠠᠭᠠᠳ ᠲᠠᠩᠨᠠᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠡᠮᠬᠢ ᠵᠢᠷᠤᠮ ᠲᠣᠭᠲᠠᠭᠤᠨ ᠪᠠᠶᠢᠳᠠᠯ ᠢ ᠬᠠᠮᠠᠭᠠᠯᠠᠪᠠ᠃ ᠤᠯᠠᠨ ᠬᠦᠷᠢᠶᠡᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ᠶᠠᠯᠠᠲᠤ ᠠᠵᠢᠯᠯᠠᠭ᠎ᠠ ᠨᠤᠭᠤᠳ ᠲᠤ ᠴᠣᠬᠢᠯᠲᠠ ᠥᠭᠬᠦ᠂ ᠠᠶᠤᠯ ᠲᠦᠭᠰᠢᠭᠦᠷᠢ ᠨᠦᠭᠦᠳ ᠢ ᠠᠷᠢᠯᠭᠠᠬᠤ᠂ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠨ ᠬᠤᠬᠢᠷᠠᠯ ᠢ ᠪᠠᠭᠠᠰᠬᠠᠬᠤ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠠᠵᠢᠯ ᠤᠳ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠷᠢ ᠥᠭᠴᠡᠭᠡ ᠲᠥᠯᠥᠬᠦ ᠨᠡᠷ᠎ᠡ ᠪᠠᠷ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠳᠤ ᠴᠣᠬᠢᠯᠲᠠ ᠥᠭᠴᠦ ᠴᠡᠭᠴᠡᠯᠡᠨ ᠵᠠᠰᠠᠬᠤ ᠵᠡᠷᠭᠡ ᠲᠤᠰᠬᠠᠢ ᠠᠵᠢᠯᠯᠠᠭ᠎ᠠ ᠨᠤᠭᠤᠳ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠪᠠᠶᠢᠩᠭᠤ ᠴᠣᠬᠢᠯᠲᠠ ᠥᠭᠴᠦ ᠴᠡᠭᠴᠡᠯᠡᠨ ᠵᠠᠰᠠᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠠᠢ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠬᠤᠳᠠᠯ ᠪᠢᠴᠢᠵᠦ ᠭᠠᠶᠢᠯᠢ ᠮᠡᠬᠡᠯᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠨᠤᠭᠤᠳ ᠲᠤ ᠴᠣᠬᠢᠯᠲᠠ ᠥᠭᠬᠦ ᠠᠵᠢᠯ ᠢ ᠪᠠᠶᠢᠩᠭᠤ ᠥᠷᠨᠢᠭᠦᠯᠦᠨ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠠᠵᠠᠷ ᠣᠷᠣᠨ ᠤ ᠭᠠᠶᠢᠯᠢ ᠲᠠᠲᠠᠪᠤᠷᠢ ᠶᠢᠨ ᠡᠮᠬᠢ ᠵᠢᠷᠤᠮ ᠢ ᠴᠢᠨᠠᠭᠰᠢᠳᠠ ᠤᠯᠠᠮ ᠵᠢᠷᠤᠮᠵᠢᠭᠤᠯᠵᠤ ᠂ ᠭᠠᠶᠢᠯᠢ ᠲᠠᠲᠠᠪᠤᠷᠢ ᠶᠢᠨ ᠡᠮᠬᠢ ᠵᠢᠷᠤᠮ ᠪᠠ ᠭᠠᠶᠢᠯᠢ ᠲᠠᠲᠠᠪᠤᠷᠢ ᠶᠢᠨ ᠠᠮᠤᠷ ᠲᠦᠪᠰᠢᠨ ᠢ ᠬᠠᠮᠠᠭᠠᠯᠠᠪᠠ᠃ ᠡᠭᠦᠨ ᠤ ᠬᠠᠮᠲᠤ᠂ ᠰᠥᠯᠪᠡᠭᠡᠯᠳᠦᠨ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠨ ᠤ ᠬᠡᠭᠡᠯᠢ ᠲᠦᠯᠬᠢᠬᠦ᠂ ᠭᠡᠷ᠎ᠡ ᠪᠠᠷ ᠮᠡᠬᠡᠯᠡᠬᠦ ᠵᠡᠷᠭᠡ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠡᠮᠬᠢ ᠳᠢᠭᠯᠢᠮ ᠢ ᠡᠪᠳᠡᠭᠰᠡᠨ ᠠᠵᠤ ᠠᠬᠤᠢ ᠶᠢᠨ ᠶᠠᠯᠠᠲᠤ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠬᠠᠤᠯᠢ ᠶᠣᠰᠣᠭᠠᠷ ᠪᠠᠲᠤᠯᠠᠬᠤ ᠪᠠ ᠦᠢᠯᠡᠴᠢᠯᠡᠬᠦ ᠶᠢᠨ ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃     ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠨᠢ ᠡᠯ᠎ᠡ ᠲᠦᠷᠦᠯ ᠤᠨ ᠠᠵᠤ ᠠᠬᠤᠢ ᠶᠢᠨ ᠶᠠᠯᠠᠲᠤ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠬᠦᠴᠦᠲᠡᠢ ᠳᠠᠷᠤᠯᠲᠠ ᠥᠭᠬᠦ ᠶᠢ ᠢᠮᠠᠭᠲᠠ ᠪᠠᠷᠢᠮᠲᠠᠯᠠᠨ᠂ ᠴᠣᠬᠢᠯᠲᠠ ᠥᠭᠬᠦ ᠪᠠ ᠰᠡᠷᠭᠡᠶᠢᠯᠡᠬᠦ ᠶᠢ ᠤᠶᠠᠯᠳᠤᠭᠤᠯᠬᠤ᠂ ᠡᠬᠢ ᠡᠭᠦᠰᠦᠯ ᠠᠴᠠ ᠨᠢ ᠵᠠᠰᠠᠬᠤ᠂ ᠠᠶᠤᠯ ᠲᠦᠭᠰᠢᠭᠦᠷᠢ ᠶᠢᠨ ᠰᠦᠪᠡᠭᠴᠢ ᠶᠢ ᠤᠯᠠᠨ ᠲᠠᠯ᠎ᠠ ᠠᠴᠠ ᠭᠦᠨᠵᠡᠭᠡᠢ ᠠᠭᠤᠳᠠᠯᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠪᠠ ᠠᠶᠤᠯ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ ᠪᠠᠶᠢᠨ᠎ᠠ᠃ ᠡᠭᠦᠨ ᠤ ᠬᠠᠮᠲᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠨᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤ ᠪᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠥᠭᠡᠮᠡᠯᠵᠢᠭᠦᠯᠦᠨ ᠤᠬᠠᠭᠤᠯᠬᠤ ᠶᠢ ᠢᠳᠡᠪᠬᠢᠲᠡᠢ ᠥᠷᠨᠢᠭᠦᠯᠵᠦ᠂ ᠠᠵᠢᠯ ᠲᠥᠷᠥᠯ ᠤᠨ ᠥᠪᠡᠷ ᠤᠨ ᠱᠠᠭᠠᠷᠳᠠᠯᠭ᠎ᠠ ᠶᠢ ᠴᠢᠩᠭᠠᠳᠬᠠᠨ᠂ ᠬᠤᠲᠠ ᠶᠢᠨ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠮᠡᠬᠡᠯᠡᠯ ᠠᠴᠠ ᠵᠠᠶᠢᠳᠠᠭᠤᠯᠵᠤ᠂ ᠲᠦᠭᠰᠢᠭᠦᠷᠢ ᠶᠢ ᠡᠬᠢ ᠡᠭᠦᠰᠦᠯ ᠠᠴᠠ ᠨᠢ ᠳᠠᠷᠤᠵᠤ᠂ ᠪᠥᠬᠦ ᠣᠷᠣᠨ ᠤ ᠠᠵᠤ ᠠᠬᠤᠢ ᠮᠥᠩᠭᠦᠨ ᠭᠦᠢᠯᠭᠡᠭᠡᠨ ᠤ ᠠᠮᠤᠷ ᠲᠣᠭᠲᠠᠭᠤᠨ ᠢ ᠦᠨᠡᠨ ᠬᠦ ᠬᠠᠮᠠᠭᠠᠯᠠᠬᠤ ᠪᠣᠯᠣᠨ᠎ᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号