ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ | ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠵᠡᠷᠭᠡ 13 ᠰᠠᠯᠠᠭ᠎ᠠ ᠮᠥᠴᠢᠷ ᠲᠠᠢ ᠬᠠᠮᠲᠤᠷᠠᠨ ᠰᠦᠯᠢᠶᠥᠦ ᠶᠢᠨ ᠪᠣᠬᠢᠷᠲᠤᠯ ᠢ ᠵᠠᠰᠠᠬᠤ ᠲᠤᠰᠬᠠᠢ | ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠲᠤᠰᠬᠠᠢ ᠠᠵᠢᠯᠯᠠᠭ᠎ᠠ ᠨᠢ ᠶᠠᠷᠢᠯᠴᠠᠬᠤ ᠪᠠ ᠠᠰᠠᠭᠤᠨ ᠯᠠᠪᠯᠠᠬᠤ᠂ ᠮᠠᠲ᠋ᠧᠷᠢᠶᠠᠯ ᠪᠠᠶᠢᠴᠠᠭᠠᠨ | ᠦᠵᠡᠬᠦ᠂ ᠲᠤᠬᠠᠢ ᠶᠢᠨ ᠲᠠᠯᠠᠪᠠᠢ ᠳᠤ ᠬᠢᠨᠠᠨ ᠬᠠᠷᠭᠤᠭᠤᠯᠬᠤ ᠵᠡᠷᠭᠡ ᠠᠷᠭ᠎ᠠ ᠪᠠᠷ ᠬᠠᠷᠢᠶ᠎ᠠ ᠣᠷᠣᠨ ᠤ ᠳᠣᠲᠣᠷᠠᠬᠢ | ᠰᠢᠤᠳᠠᠨ ᠤ ᠲᠦᠷᠭᠡᠨ ᠬᠦᠷᠭᠡᠯᠲᠡ᠂ ᠡᠮ ᠤᠨ ᠳᠡᠯᠭᠡᠭᠦᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ᠂ ᠢᠳᠡᠭᠡᠨ ᠤᠮᠳᠠᠭᠠᠨ ᠵᠡᠷᠭᠡ ᠬᠤᠯᠪᠣᠭᠳᠠᠯ ᠪᠦᠬᠦᠢ ᠠᠵᠢᠯ ᠲᠥᠷᠥᠯ ᠳᠤ ᠬᠡᠷᠡᠭᠯᠡᠵᠦ ᠪᠠᠶᠢᠭ᠎ᠠ ᠰᠦᠯᠢᠶᠥᠦ | ᠪᠦᠲᠦᠭᠡᠭᠳᠡᠬᠦᠨ ᠤ ᠶᠠᠰᠤ ᠴᠢᠨᠠᠷ ᠤᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠪᠠᠶᠢᠴᠠᠭᠠᠯᠲᠠ ᠬᠢᠵᠦ | ᠪᠠᠶᠢᠨ᠎ᠠ᠃ ᠡᠯ᠎ᠡ ᠭᠠᠵᠠᠷ ᠤᠨ ᠬᠡᠰᠡᠭ ᠰᠦᠯᠢᠶᠥᠦ ᠪᠦᠲᠦᠭᠡᠭᠳᠡᠬᠦᠨ ᠢ ᠴᠠᠭᠠᠵᠠᠯᠠᠬᠤ᠂ ᠬᠢᠵᠠᠭᠠᠷᠯᠠᠬᠤ ᠵᠡᠷᠭᠡ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠰᠢᠤᠳᠠᠨ ᠤ ᠲᠦᠷᠭᠡᠨ ᠬᠦᠷᠭᠡᠯᠲᠡ ᠬᠡᠲᠦ ᠪᠣᠭᠤᠳᠠᠯᠯᠠᠬᠤ | ᠪᠠ ᠳᠤᠷ᠎ᠠ ᠪᠠᠷ ᠢᠶᠠᠨ ᠪᠣᠭᠤᠳᠠᠯᠯᠠᠬᠤ ᠶᠢ ᠵᠠᠰᠠᠭᠰᠠᠨ ᠪᠠᠶᠢᠳᠠᠯ᠂ ᠰᠦᠯᠢᠶᠥᠦ ᠬᠤᠭ ᠨᠣᠪᠰᠢ ᠶᠢ ᠬᠤᠷᠢᠶᠠᠨ ᠠᠪᠴᠤ | ᠴᠡᠪᠡᠷᠯᠡᠨ ᠲᠡᠭᠡᠭᠡᠪᠦᠷᠢᠯᠡᠬᠦ ᠶᠢ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ᠎ᠠ᠃ ᠡᠨᠡ | ᠬᠤᠭᠤᠴᠠᠭᠠᠨ ᠳᠤ᠂ ᠬᠤᠯᠪᠣᠭᠳᠠᠯ ᠪᠦᠬᠦᠢ ᠠᠵᠤ ᠠᠬᠤᠶᠢᠯᠠᠯ ᠢ ᠣᠷᠴᠢᠨ ᠲᠣᠭᠤᠷᠢᠨ ᠢ ᠬᠠᠮᠠᠭᠠᠯᠠᠬᠤ | ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠰᠦᠯᠢᠶᠥᠦ | ᠪᠦᠲᠦᠭᠡᠭᠳᠡᠬᠦᠨ ᠬᠡᠷᠡᠭᠯᠡᠬᠦ ᠬᠡᠷᠡᠭᠲᠡᠢ ᠭᠡᠵᠦ ᠱᠠᠭᠠᠷᠳᠠᠵᠠᠢ᠃ ᠪᠠᠶᠢᠴᠠᠭᠠᠯᠲᠠ ᠪᠠᠷ ᠢᠯᠡᠷᠡᠭᠦᠯᠦᠭᠰᠡᠨ | ᠠᠰᠠᠭᠤᠳᠠᠯ ᠤᠳ ᠲᠤ ᠴᠢᠭᠯᠡᠭᠦᠯᠦᠨ᠂ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠵᠤ᠂ ᠰᠦᠯᠢᠶᠥᠦ | ᠪᠦᠲᠦᠭᠡᠭᠳᠡᠬᠦᠨ ᠢ ᠴᠠᠭᠠᠵᠠᠯᠠᠬᠤ ᠪᠠ ᠬᠢᠵᠠᠭᠠᠷᠯᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠲᠣᠰ ᠤᠳᠠᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠭᠰᠠᠨ ᠪᠠᠶᠢᠴᠠᠭᠠᠯᠲᠠ ᠪᠠᠷ ᠳᠡᠮᠵᠢᠨ ᠭᠠᠭᠴᠠ | ᠤᠳᠠᠭᠠᠨ ᠤ ᠰᠦᠯᠢᠶᠥᠦ ᠬᠡᠷᠡᠭᠯᠡᠬᠦ ᠶᠢ ᠪᠠᠭᠠᠰᠬᠠᠵᠤ᠂ ᠰᠦᠯᠢᠶᠥᠦ ᠬᠤᠭ ᠨᠣᠪᠰᠢ ᠶᠢ ᠴᠡᠪᠡᠷᠯᠡᠨ ᠴᠡᠭᠴᠡᠯᠡᠵᠦ᠂ | ᠬᠠᠶᠠᠭᠳᠠᠮᠠᠯ ᠰᠦᠯᠢᠶᠥᠦ ᠪᠣᠳᠠᠰ ᠤᠳ ᠢ ᠬᠤᠷᠢᠶᠠᠨ ᠠᠪᠬᠤ᠂ ᠠᠰᠢᠭᠯᠠᠬᠤ᠂ ᠰᠢᠢᠳᠪᠦᠷᠢᠯᠡᠬᠦ ᠵᠡᠷᠭᠡ ᠶᠡᠪᠦᠴᠠ ᠳᠠᠬᠢ | ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠠᠵᠢᠯ ᠲᠥᠷᠥᠯ ᠤᠨ ᠡᠮᠬᠢ ᠳᠢᠭᠯᠢᠮ ᠢ | ᠵᠢᠷᠤᠮᠵᠢᠭᠤᠯᠤᠨ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠣᠯᠠᠨ ᠲᠠᠯ᠎ᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ | ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠠᠵᠢᠯ ᠤᠨ ᠬᠠᠮᠲᠤᠷᠠᠯ ᠬᠦᠴᠦᠨ ᠢ ᠪᠣᠶ ᠪᠣᠯᠭᠠᠵᠠᠢ᠃ |