12 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠠᠷᠢᠯᠴᠠᠬᠤ ᠬᠤᠷᠠᠯ | ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ | ᠬᠥᠮᠥᠰ ᠤᠨ ᠲᠥᠯᠥᠭᠡᠯᠡᠭᠴᠢᠳ ᠤᠨ 2023 ᠣᠨ ᠤ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠠᠷᠠᠳᠴᠢᠯᠠᠭᠰᠠᠨ ᠨᠠᠮ | ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠲᠤᠰᠬᠠᠢ ᠲᠦᠷᠦᠯ ᠤᠨ ᠠᠷᠠᠳᠴᠢᠯᠠᠯ ᠢᠶᠠᠷ ᠬᠢᠨᠠᠯᠲᠠ | ᠲᠠᠯᠪᠢᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ ᠭᠠᠳᠠᠨᠠᠬᠢ ᠬᠥᠮᠥᠰ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠤᠨ ᠢᠷᠡᠬᠦ ᠵᠢᠯ ᠤᠨ ᠭᠤᠣᠯᠳᠠᠯᠭ᠎ᠠ ᠲᠠᠢ | ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ 2023 ᠣᠨ ᠤ ᠠᠵᠤ ᠠᠬᠤᠢ ᠶᠢᠨ | ᠬᠥᠭᠵᠢᠯᠲᠡ ᠶᠢᠨ ᠪᠠᠶᠢᠳᠠᠯ ᠢ ᠮᠡᠳᠡᠭᠳᠡᠪᠡ᠃ | ᠶᠠᠷᠢᠯᠴᠠᠬᠤ ᠬᠤᠷᠠᠯ ᠳᠡᠭᠡᠷ᠎ᠡ᠂ ᠲᠤᠮᠲᠠᠲᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠪᠠᠢ ᠴᠢᠩ ᠶᠤᠸᠠᠨ᠂ | ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶ᠎ᠠ ᠶᠢᠨ ᠡᠷᠭᠢᠯᠡᠭᠴᠢ ᠭᠡᠰᠢᠭᠦᠨ ᠵᠤᠤ ᠵᠢᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ | ᠪᠠᠶᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ | ᠭᠡᠰᠢᠭᠦᠨ ᠶᠢᠨ ᠵᠤᠸᠠᠩ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠰᠦᠨ ᠵᠢᠶᠦ᠋ᠨ ᠴᠢᠩ᠂ ᠳᠤᠮᠳᠠᠳᠤ | ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠶᠦᠨ ᡁᠢ ᠾᠧᠦ᠂ ︽9 · 3︾ ᠤ ᠡᠷᠳᠡᠮ ᠰᠢᠨᠵᠢᠯᠡᠭᠡᠨ ᠤ | ᠨᠡᠶᠢᠭᠡᠮᠯᠢᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠢᠦᠢ ᠷᠧᠨ ᠵᠢᠶᠧ᠂ | ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠠᠨ ᠷᠦᠨ ᠱᠧᠩ | ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠵᠠᠩ ᠯᠢ ᠸᠧᠨ ᠤᠷᠢᠳ ᠬᠤᠵᠢᠳ ᠦᠭᠡ ᠬᠡᠯᠡᠵᠡᠢ᠃ | ᠬᠤᠷᠠᠯ ᠠᠴᠠ ᠪᠠᠰᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ 3 ᠲᠥᠯᠥᠭᠡᠯᠡᠭᠴᠢ ᠪᠣᠯᠣᠨ ᠰᠦᠨ | ᠱᠤᠤ ᠴᠧᠩ ᠤᠨ ᠬᠠᠷᠢᠯᠴᠠᠵᠤ ᠪᠠᠶᠢᠭ᠎ᠠ ᠨᠠᠮ ᠤᠨ ᠭᠠᠳᠠᠨᠠᠬᠢ 3 ᠬᠥᠮᠥᠨ᠂ ᠬᠤᠯᠪᠣᠭᠳᠠᠯ ᠪᠦᠬᠦᠢ | ᠬᠤᠳᠠᠯᠳᠤᠭᠠᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠢ ᠤᠷᠢᠵᠤ ᠣᠷᠣᠯᠴᠠᠭᠤᠯᠤᠭᠰᠠᠨ ᠪᠥᠭᠡᠳ ᠦᠭᠡ | ᠬᠡᠯᠡᠪᠡ᠃ ᠣᠯᠠᠨ ᠢᠶᠠᠷ ᠢᠶᠠᠨ 2023 ᠣᠨ ᠤ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ | ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠢᠷᠡᠬᠦ ᠵᠢᠯ ᠤᠨ ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠢ᠃ | ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠣᠯᠠᠨ ᠤ ᠳᠤᠷᠠᠳᠤᠭᠰᠠᠨ ᠰᠠᠨᠠᠯ | ᠰᠠᠨᠠᠭᠤᠯᠭ᠎ᠠ ᠮᠠᠰᠢ ᠦᠨ᠎ᠡ ᠥᠷᠲᠡᠭ ᠲᠠᠢ᠂ ᠪᠠᠶᠢᠴᠠᠭᠠᠨ ᠰᠤᠳᠤᠯᠤᠯᠲᠠ ᠪᠠ ᠬᠢᠨᠠᠯᠲᠠ ᠲᠠᠯᠪᠢᠭᠰᠠᠨ ᠦᠷ᠎ᠡ | ᠪᠦᠲᠦᠭᠡᠯ ᠤᠨ ᠶᠠᠰᠤ ᠴᠢᠨᠠᠷ ᠮᠠᠰᠢ ᠥᠨᠳᠥᠷ ᠪᠠᠶᠢᠨ᠎ᠠ᠂ ᠪᠢᠳᠡ ᠨᠠᠷᠢᠨ ᠬᠢᠨᠠᠮᠠᠭᠠᠢ ᠰᠤᠳᠤᠯᠵᠤ᠂ ᠭᠦᠢᠴᠡᠳ | ᠰᠢᠩᠭᠡᠬᠡᠨ ᠠᠪᠴᠤ᠂ ᠣᠨᠳᠣᠣᠰᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠨ᠎ᠠ ᠭᠡᠪᠡ᠃ | ᠰᠦᠨ ᠱᠤᠤ ᠴᠧᠩ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠪᠠᠷ ᠬᠥᠲᠥᠯᠥᠮᠵᠢ ᠪᠣᠯᠭᠠᠨ ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠨᠠᠮ ᠤᠨ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠠᠮᠵᠢᠯᠲᠠ ᠣᠯᠪᠠ | ᠃ ᠡᠳᠡᠭᠡᠷ ᠠᠮᠵᠢᠯᠲᠠ ᠪᠦᠲᠦᠮᠵᠢ ᠶᠢ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠣᠯᠣᠨ ᠨᠠᠮ ᠤᠨ | ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠣᠯᠣᠭᠰᠠᠨ ᠶᠤᠮ᠂ ᠪᠦᠭᠦ ᠣᠷᠣᠨ ᠤ ᠥᠷᠭᠡᠨ | ᠤᠯᠠᠨ ᠺᠠᠳ᠋ᠷ ᠤᠯᠠᠨ ᠲᠦᠮᠡᠨ ᠤ ᠠᠴᠢ ᠡᠨᠡᠷᠢᠯ ᠳᠤᠨᠢ ᠲᠠᠯᠠᠷᠬᠠᠨ ᠡᠷᠡᠯᠬᠡᠭᠯᠡᠨ ᠴᠢᠷᠮᠠᠶᠢᠵᠤ᠂ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠪᠤᠯᠬᠤ ᠪᠥᠭᠡᠳ ᠪᠠᠰᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠥᠮᠥᠰ ᠪᠣᠯᠣᠨ ᠥᠷᠭᠡᠨ ᠤᠯᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤ ᠤᠶᠤᠨ ᠤᠬᠠᠭᠠᠨ ᠪᠠ ᠬᠦᠴᠦ ᠬᠥᠯᠥᠰᠦ ᠠᠭᠤᠯᠤᠭᠳᠠᠵᠤ ᠪᠤᠢ᠃ | ᠤᠯᠠᠨ ᠢᠶᠠᠷ ᠢᠶᠠᠨ ᠵᠣᠷᠢᠭ ᠨᠢᠭᠡᠳᠪᠡᠯ ᠲᠦᠮᠡᠨ ᠬᠡᠷᠡᠭ ᠪᠦᠲᠦᠳᠡᠭ᠃ 2024 ᠣᠨ ᠪᠣᠯ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ | ᠂ ᠣᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠠᠢ ᠠᠳᠠᠯᠢ ᠴᠢᠭᠯᠡᠯ ᠢᠶᠠᠷ | ᠬᠦᠴᠦᠯᠡᠵᠦ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ | ᠵᠠᠮ ᠢᠶᠠᠷ ᠵᠠᠮᠨᠠᠨ ᠳᠤᠮᠳᠠ ᠲᠦᠪᠰᠢᠨ ᠳᠤ ᠣᠷᠣᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ | ᠪᠠᠶᠢᠨ᠎ᠠ ᠭᠡᠵᠡᠢ᠃ | ᠰᠦᠨ ᠱᠤᠤ ᠴᠧᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ | ᠪᠣᠯᠣᠨ ᠨᠠᠮ ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠳᠤᠷᠠᠳᠪᠠ᠃ ᠨᠢᠭᠡ ᠳᠤ᠂ ᠤᠯᠤᠰ | ᠲᠥᠷᠥ ᠶᠢ ᠡᠷᠭᠢᠮᠯᠡᠭᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠲᠠᠢ ᠨᠢᠭᠡᠳᠬᠡᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠯᠬᠦᠮᠳᠡᠨ ᠤᠷᠤᠭᠰᠢᠯᠠᠬᠤ | ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠦᠷᠭᠦᠯᠵᠢᠯᠡᠨ ᠪᠠᠲᠤ ᠴᠣᠭᠴᠠᠯᠠᠬᠤ ᠬᠡᠷᠡᠭᠲᠡᠢ᠃ | ᠬᠤᠶᠠᠷ ᠲᠤ᠂ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠬᠤ | ᠠᠵᠢᠯ ᠢ ᠢᠯᠡᠭᠦᠬᠡᠨ ᠬᠢᠵᠦ᠂ ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢᠶᠠᠨ ᠬᠥᠪᠴᠢᠯᠡᠨ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠭᠡᠬᠦ ᠡᠨᠡ ᠬᠦ ᠭᠤᠣᠯ ᠠᠵᠢᠯ ᠪᠠ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ | ᠴᠢᠬᠤᠯᠠ ᠡᠭᠦᠷᠭᠡ ᠶᠢ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠳᠠᠪᠠᠭᠤᠯᠢᠭ ᠢᠶᠠᠨ | ᠪᠠᠳᠠᠷᠠᠭᠤᠯᠵᠤ᠂ ᠶᠡᠭᠡ ᠲᠠᠯ᠎ᠠ ᠳᠤ ᠦᠢᠯᠡᠴᠢᠯᠡᠵᠦ᠂ ᠪᠠᠶᠢᠴᠠᠭᠠᠨ ᠰᠤᠳᠤᠯᠤᠯᠲᠠ ᠬᠢᠬᠦ ᠪᠠ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠭᠦᠨᠵᠡᠭᠡᠢ ᠥᠷᠨᠢᠭᠦᠯᠵᠦ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠ ᠵᠠᠬ᠎ᠠ ᠳᠡᠯᠭᠡᠭᠦᠷᠴᠢᠯᠡᠬᠦ ᠠᠷᠭ᠎ᠠ | ᠪᠠᠷᠢᠯ ᠤᠨ ᠲᠠᠯ᠎ᠠ ᠪᠠᠷ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠢᠯᠡᠭᠦᠬᠡᠨ ᠰᠤᠳᠤᠯᠤᠨ ᠳᠤᠷᠠᠳᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ | ᠬᠥᠮᠥᠰ ᠤᠨ ᠠᠵᠢᠯ ᠢ ᠳᠡᠮᠵᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠨᠠᠩ | ᠬᠦᠴᠦᠲᠡᠢ ᠳᠡᠮᠵᠢᠵᠦ᠂ ᠣᠯᠠᠨ ᠤ ᠠᠵᠢᠯ ᠬᠢᠵᠦ ᠦᠢᠯᠡᠰ ᠪᠣᠰᠬᠠᠬᠤ ᠳᠤ ᠰᠠᠶᠢᠨ ᠰᠠᠶᠢᠬᠠᠨ ᠨᠥᠬᠦᠴᠡᠯ | ᠪᠦᠷᠢᠯᠳᠦᠭᠦᠯᠵᠦ ᠥᠭᠭᠦᠨ᠎ᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠶᠠᠨ ᠺᠦᠨ᠂ ᠬᠤᠸᠠᠩ ᡁᠢ ᠴᠢᠶᠠᠩ᠂ ᠢᠦᠢ ᠯᠢ ᠰᠢᠨ | ᠂ ᠵᠠᠩ ᠱᠤᠤ ᠴᠦᠨ ᠬᠤᠷᠠᠯ ᠳᠤ ᠣᠷᠣᠯᠴᠠᠵᠠᠢ᠃ |