ᠲᠦᠴᠢᠦᠸᠠᠨ ᠰᠢᠶᠠᠨ ᠤ ᠲᠦᠷᠦᠯᠵᠢ ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠶᠢᠨ ︽ᠬᠤᠶᠠᠷ ᠢ ᠬᠦᠩᠬᠡᠷᠡᠭᠦᠯᠬᠦ︾ ᠭᠤᠣᠯ ᠰᠡᠳᠦᠪᠲᠦ ᠵᠢᠭᠠᠨ ᠰᠤᠳᠤᠯᠬᠤ ᠰᠢᠷᠢᠰ ᠠᠵᠢᠯᠯᠠᠭ᠎ᠠ ᠶᠢᠨ ᠲᠤᠬᠠᠢ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2023/12/5
   ᠤᠯᠤᠰ ᠤᠨ ︽ᠬᠤᠶᠠᠷ ᠢ ᠬᠦᠩᠬᠡᠷᠡᠭᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠂ ᠰᠣᠷᠣᠭᠴᠢ ᠶᠢᠨ ᠰᠢᠯᠭᠠᠯᠲᠠ ᠶᠢᠨ ᠳᠠᠷᠤᠯᠲᠠ ᠶᠢ ᠦᠨᠡᠨ ᠬᠦ ᠪᠠᠭᠤᠷᠠᠭᠤᠯᠵᠤ᠂ ᠰᠣᠷᠣᠭᠴᠢ ᠶᠢᠨ ᠪᠥᠬᠦ ᠲᠠᠯ᠎ᠠ ᠪᠠᠷ ᠬᠥᠭᠵᠢᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠶᠢᠨ ᠲᠥᠯᠥᠭᠡ᠃ ᠮᠠᠨ ᠤ ᠰᠤᠷᠭᠠᠭᠤᠯᠢ ︽ᠬᠤᠶᠠᠷ ᠢ ᠬᠦᠩᠬᠡᠷᠡᠭᠦᠯᠬᠦ︾ ᠠᠵᠢᠯ ᠤᠨ ᠵᠢᠭᠰᠠᠭᠠᠯ ᠤᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠭᠦᠨᠵᠡᠭᠡᠢ ᠬᠡᠷᠡᠭᠵᠢᠭᠦᠯᠦᠨ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ ︽ᠲᠤᠭ᠎ᠠ ᠬᠡᠮᠵᠢᠶ᠎ᠡ ᠶᠢ ᠪᠠᠭᠠᠰᠬᠠᠬᠤ ᠠᠴᠠ ᠪᠢᠰᠢ ᠴᠢᠨᠠᠷ ᠴᠢᠨᠰᠠᠭ᠎ᠠ ᠶᠢ ᠪᠠᠭᠤᠷᠠᠭᠤᠯᠬᠤ ᠦᠭᠡᠢ︾ ᠠᠵᠢᠯ ᠤᠨ ᠰᠡᠳᠬᠢᠮᠵᠢ ᠪᠠᠷ᠂ ᠵᠢᠭᠠᠨ ᠰᠤᠷᠭᠠᠬᠤ ᠪᠠ ᠰᠤᠳᠤᠯᠬᠤ ᠠᠴᠠ ᠭᠠᠷᠳᠠᠵᠤ᠂ ᠵᠢᠭᠠᠨ ᠰᠤᠷᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠢᠴᠢᠶᠡᠯ ᠤᠨ ᠲᠠᠩᠬᠢᠮ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠬᠤᠶᠠᠷ ᠢ ᠬᠦᠩᠬᠡᠷᠡᠭᠦᠯᠬᠦ︾ ᠳᠤ ᠬᠦᠴᠦᠨ ᠨᠡᠮᠡᠷᠢᠯᠡᠨ᠎ᠡ᠃    ᠬᠠᠮᠲᠤ ᠪᠠᠷ ᠬᠢᠴᠢᠶᠡᠯ ᠪᠡᠯᠡᠳᠬᠡᠵᠦ ᠤᠶᠤᠨ ᠤᠬᠠᠭᠠᠨ ᠢ ᠨᠢᠭᠲᠠᠷᠠᠭᠤᠯᠤᠨ᠎ᠠ    ᠮᠠᠨ ᠤ ᠰᠤᠷᠭᠠᠭᠤᠯᠢ ᠰᠢᠯᠢᠳᠡᠭ ᠬᠢᠴᠢᠶᠡᠯ ᠤᠨ ᠲᠠᠩᠬᠢᠮ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠪᠠᠷ ᠵᠣᠷᠢᠯᠲᠠ ᠪᠣᠯᠭᠠᠵᠤ᠂ ᠪᠦᠬᠦ ᠪᠠᠭᠰᠢ ᠨᠠᠷ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠬᠠᠮᠲᠤ ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠥᠷᠨᠢᠭᠦᠯᠵᠡᠢ᠃ ᠡᠯ᠎ᠡ ᠳᠤᠭᠤᠶᠢᠯᠠᠩ ᠤᠨ ᠪᠠᠭᠰᠢ ᠨᠠᠷ ᠰᠤᠷᠤᠭᠴᠢ ᠪᠠᠷ ᠭᠤᠣᠯ ᠴᠣᠭᠴᠠ ᠪᠣᠯᠭᠠᠨ᠂ ᠵᠢᠭᠠᠬᠤ ᠮᠠᠲ᠋ᠧᠷᠢᠶᠠᠯ ᠢ ᠭᠦᠨ ᠠᠭᠤᠳᠠᠯᠵᠤ᠂ ᠬᠢᠴᠢᠶᠡᠯ ᠤᠨ ᠲᠠᠩᠬᠢᠮ ᠢ ᠰᠤᠳᠤᠯᠤᠨ ᠡᠪᠯᠡᠭᠦᠯᠬᠦ ᠶᠢᠨ ᠬᠠᠮᠲᠤ ᠵᠢᠭᠠᠨ ᠰᠤᠷᠭᠠᠯᠲᠠ ᠶᠢᠨ ᠠᠭᠤᠯᠭ᠎ᠠ ᠪᠠ ᠵᠢᠭᠠᠨ ᠰᠤᠷᠭᠠᠯᠲᠠ ᠶᠢᠨ ᠭᠤᠭᠴᠤᠭ᠎ᠠ ᠳᠤ ᠨᠠᠷᠢᠨ ᠨᠢᠭᠲᠠ ᠵᠠᠳᠠᠯᠤᠯᠲᠠ ᠪᠠ ᠨᠠᠷᠢᠨ ᠨᠢᠭᠲᠠ ᠲᠥᠯᠥᠪᠯᠡᠭᠡ ᠬᠢᠵᠦ᠂ ᠰᠤᠷᠭᠠᠭᠤᠯᠢ ᠶᠢᠨ ᠶᠡᠷᠦᠩᠬᠡᠢ ᠬᠡᠪ ᠵᠠᠭᠪᠤᠷ ᠲᠠᠢ ᠤᠶᠠᠯᠳᠤᠭᠤᠯᠵᠤ᠂ ᠪᠠᠭᠰᠢ ᠨᠠᠷ ᠲᠤᠰ ᠬᠢᠴᠢᠶᠡᠯ ᠲᠦᠷᠦᠯ ᠤᠨ ᠵᠢᠭᠠᠨ ᠰᠤᠷᠭᠠᠯᠲᠠ ᠶᠢᠨ ᠬᠡᠪ ᠵᠠᠭᠪᠤᠷ ᠲᠤ ᠰᠠᠭᠤᠷᠢᠯᠠᠨ ᠬᠥᠭᠵᠢᠶᠡᠨᠲᠡᠢ ᠰᠤᠳᠤᠯᠤᠨ ᠶᠠᠷᠢᠯᠴᠠᠵᠤ᠂ ᠬᠠᠮᠲᠤ ᠶᠢᠨ ᠤᠶᠤᠨ ᠤᠬᠠᠭᠠᠨ ᠢ ᠭᠦᠢᠴᠡᠳ ᠪᠠᠳᠠᠷᠠᠭᠤᠯᠵᠤ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠢᠭᠡᠳᠭᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠨ᠎ᠡ᠃    ᠬᠢᠴᠢᠶᠡᠯ ᠰᠣᠨᠣᠰᠴᠤ ᠬᠢᠴᠢᠶᠡᠯ ᠦᠨᠡᠯᠡᠵᠦ ᠲᠠᠪᠰᠢᠬᠤ ᠶᠢ ᠠᠬᠢᠭᠤᠯᠤᠨ᠎ᠠ     ᠬᠢᠴᠢᠶᠡᠯ ᠤᠨ ᠲᠠᠩᠬᠢᠮ ᠪᠣᠯ ᠳᠠᠷᠤᠢ ᠵᠢᠭᠠᠨ ᠰᠤᠷᠭᠠᠯᠲᠠ ᠶᠢᠨ ᠠᠮᠢᠨ ᠰᠤᠳᠠᠰᠤ ᠮᠥᠨ᠂ ᠬᠢᠴᠢᠶᠡᠯ ᠰᠤᠨᠤᠰᠴᠤ ᠬᠢᠴᠢᠶᠡᠯ ᠦᠨᠡᠯᠡᠬᠦ ᠵᠢᠭᠠᠨ ᠰᠤᠳᠤᠯᠬᠤ ᠠᠵᠢᠯᠯᠠᠭ᠎ᠠ ᠨᠢ᠂ ᠪᠠᠭᠰᠢ ᠨᠠᠷ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠪᠠ ᠵᠢᠭᠠᠨ ᠰᠤᠷᠭᠠᠯᠲᠠ ᠶᠢᠨ ᠠᠷᠭ᠎ᠠ ᠶᠢ ᠰᠢᠨᠡᠳᠬᠡᠪᠡ᠃ ᠵᠢᠭᠠᠬᠤ ᠰᠤᠳᠤᠯᠬᠤ ᠭᠠᠷ ᠬᠤᠯᠪᠣᠯᠴᠠᠬᠤ᠂ ᠰᠤᠷᠤᠯᠴᠠᠬᠤ ᠪᠣᠳᠤᠯᠬᠢᠯᠠᠬᠤ ᠶᠢ ᠵᠡᠷᠭᠡᠴᠡᠭᠦᠯᠬᠦ ᠵᠢᠭᠠᠬᠤ ᠶᠢ ᠰᠤᠳᠤᠯᠬᠤ ᠠᠵᠢᠯᠯᠠᠭ᠎ᠠ ᠶᠢᠨ ᠳᠤᠮᠳᠠ᠂ ᠪᠠᠭᠰᠢ ᠨᠠᠷ ᠲᠠᠰᠤᠷᠠᠯᠲᠠ ᠦᠭᠡᠢ ᠰᠤᠷᠤᠯᠴᠠᠵᠤ᠂ ᠲᠠᠰᠤᠷᠠᠯᠲᠠ ᠦᠭᠡᠢ ᠳᠠᠪᠰᠢᠵᠤ᠂ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠠᠮᠤᠭ ᠤᠨ ᠪᠣᠷᠣᠭᠵᠢᠭᠤᠨ ᠠᠯᠬᠤᠮ ᠢᠶᠠᠷ ᠬᠠᠮᠤᠭ ᠤᠨ ᠯᠠᠪᠳᠠᠭᠤᠨ ᠪᠠᠲᠤᠲᠠᠢ ᠵᠢᠭᠠᠬᠤ ᠶᠢ ᠰᠤᠳᠤᠯᠬᠤ ᠵᠠᠮ ᠢᠶᠠᠷ ᠵᠠᠮᠨᠠᠨ᠎ᠠ᠃    ᠦᠢᠯᠡᠳᠦᠯᠭᠡᠵᠢᠭᠦᠯᠪᠡᠯ ᠰᠠᠶ᠋ᠢ ᠬᠢᠴᠢᠶᠡᠯ ᠤᠨ ᠲᠠᠩᠬᠢᠮ ᠢ ᠬᠠᠲᠠᠭᠤᠵᠢᠭᠤᠯᠵᠤ ᠴᠢᠳᠠᠨ᠎ᠠ︔ ᠭᠦᠨᠵᠡᠭᠡᠢ ᠰᠤᠳᠤᠯᠤᠨ ᠶᠠᠷᠢᠯᠴᠠᠪᠠᠯ ᠰᠠᠶ᠋ᠢ ᠤᠳᠠ ᠪᠥᠷᠲᠥᠯᠵᠡᠨ ᠴᠡᠴᠡᠭ ᠮᠢᠷᠠᠯᠵᠠᠵᠤ ᠴᠢᠳᠠᠨ᠎ᠠ᠃ ᠬᠢᠴᠢᠶᠡᠯ ᠰᠤᠨᠤᠰᠴᠤ ᠬᠠᠷᠢᠯᠴᠠᠨ ᠰᠤᠷᠤᠯᠴᠠᠵᠤ᠂ ᠬᠢᠴᠢᠶᠡᠯ ᠦᠨᠡᠯᠡᠵᠦ ᠬᠠᠮᠲᠤ ᠪᠠᠷ ᠦᠰᠦᠨ ᠪᠣᠶᠢᠵᠢᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠰᠢᠨ᠎ᠡ ᠴᠢᠭᠯᠡᠯ ᠢ ᠲᠣᠭᠲᠠᠭᠠᠭᠰᠠᠨ ᠪᠠᠶᠢᠨ᠎ᠠ᠃    ᠲᠠᠰᠬᠠᠯ ᠢ ᠰᠢᠯᠢᠳᠡᠭᠵᠢᠭᠦᠯᠵᠦ ᠨᠠᠷᠢᠯᠢᠭ ᠲᠡᠰ ᠬᠤᠪᠢᠶᠠᠨ᠎ᠠ    ᠳᠠᠰᠬᠠᠯ ᠪᠣᠯ ᠬᠢᠴᠢᠶᠡᠯ ᠤᠨ ᠲᠠᠩᠬᠢᠮ ᠤᠨ ᠪᠦᠲᠦᠮᠵᠢᠲᠡᠶ ᠦᠷᠭᠦᠯᠵᠢᠯᠡᠯ ᠮᠥᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠳᠤᠲᠠᠭᠳᠠᠵᠤ ᠪᠣᠯᠣᠰᠢ ᠦᠭᠡᠢ ᠭᠤᠭᠴᠤᠭ᠎ᠠ ᠮᠥᠨ᠃ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠳᠠᠰᠬᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠳᠠᠰᠬᠠᠯ ᠤᠨ ᠵᠢᠷᠤᠭ ᠲᠥᠯᠥᠪᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠰᠤᠷᠤᠭᠴᠢᠳ ᠤᠨ ᠳᠠᠰᠬᠠᠯ ᠤᠨ ᠳᠠᠷᠤᠭᠠᠰᠤ ᠶᠢ ᠬᠥᠩᠭᠡᠯᠡᠬᠦ ᠶᠢᠨ ᠲᠥᠯᠥᠭᠡ᠂ ᠳᠠᠰᠬᠠᠯ ᠢ ᠦᠨᠡᠨ ᠬᠦ ᠨᠠᠷᠢᠯᠢᠭ ᠮᠥᠷᠲᠡᠭᠡᠨ ᠲᠥᠬᠦᠮ ᠪᠣᠯᠭᠠᠨ᠎ᠠ᠃ ᠮᠠᠨ ᠤ ᠰᠤᠷᠭᠠᠭᠤᠯᠢ ᠶᠢᠨ ᠪᠠᠭᠰᠢ ᠨᠠᠷ ᠬᠢᠴᠢᠶᠡᠯ ᠲᠥᠷᠥᠯ ᠤᠨ ᠬᠡᠪ ᠪᠣᠯᠪᠠᠰᠤᠷᠠᠯ ᠤᠨ ᠦᠢᠯᠡᠰ ᠲᠠᠢ ᠤᠶᠠᠯᠳᠤᠭᠤᠯᠤᠨ ᠳᠠᠰᠬᠠᠯ ᠢᠶᠠᠨ ᠰᠢᠯᠢᠳᠡᠭᠵᠢᠭᠦᠯᠵᠦ᠂ ᠲᠠᠰ ᠬᠤᠪᠢᠶᠠᠨ ᠵᠢᠷᠤᠵᠤ ᠲᠥᠯᠥᠪᠯᠡᠬᠦ ᠶᠢᠨ ᠵᠣᠷᠢᠯᠭ᠎ᠠ ᠨᠢ ᠳᠠᠰᠬᠠᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠰᠤᠷᠤᠭᠴᠢᠳ ᠤᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠮᠲᠤ ᠳᠤᠨᠢ ᠬᠠᠷᠠᠭᠠᠯᠵᠠᠵᠤ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠪᠠ ᠶᠡᠷᠦᠩᠬᠡᠢ ᠬᠡᠪ ᠴᠢᠨᠠᠷ ᠢ ᠬᠥᠮᠥᠵᠢᠭᠦᠯᠬᠦ ᠶᠢᠨ ᠲᠥᠯᠥᠭᠡ ᠶᠤᠮ᠃    ︽ᠬᠤᠶᠠᠷ ᠢ ᠬᠦᠩᠬᠡᠷᠡᠭᠦᠯᠬᠦ︾ ᠶᠢ ᠪᠣᠳᠠᠲᠠᠢ ᠪᠠᠷ ᠨᠠᠶᠢᠳᠠᠪᠤᠷᠢᠵᠢᠭᠤᠯᠵᠤ᠂ ᠵᠢᠭᠠᠨ ᠰᠤᠷᠭᠠᠬᠤ ᠪᠠ ᠰᠤᠳᠤᠯᠬᠤ ᠶᠢ ᠤᠷᠢᠳ ᠢᠶᠠᠷ ᠬᠡᠷᠡᠭᠵᠢᠭᠦᠯᠵᠦ᠂ ᠵᠢᠭᠠᠨ ᠰᠤᠷᠭᠠᠬᠤ ᠶᠢ ᠬᠠᠮᠲᠤ ᠪᠠᠷ ᠠᠬᠢᠭᠤᠯᠤᠨ᠂ ᠰᠤᠳᠤᠯᠬᠤ ᠶᠢ ᠴᠢᠩᠭ᠎ᠠ ᠶᠠᠪᠤᠭᠳᠠᠭᠤᠯᠪᠠ᠃ ᠵᠢᠭᠠᠨ ᠰᠤᠳᠤᠯᠬᠤ ᠠᠵᠢᠯᠯᠠᠭ᠎ᠠ ᠨᠢ ᠪᠠᠭᠰᠢ ᠨᠠᠷ ᠢ ᠠᠵᠢᠯ ᠤᠨ ᠰᠡᠳᠬᠢᠴᠡ ᠪᠠ ᠠᠷᠭ᠎ᠠ ᠶᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠰᠢᠯᠢᠳᠡᠭᠵᠢᠭᠦᠯᠬᠦ ᠳᠤ ᠮᠠᠰᠢ ᠰᠠᠶᠢᠨ ᠵᠢᠯᠤᠭᠤᠳᠬᠤ ᠦᠢᠯᠡᠳᠦᠯ ᠦᠵᠡᠭᠦᠯᠪᠡ᠃ ᠲᠦᠷᠦᠯᠵᠢ ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠥᠩᠭᠡᠷᠡᠭᠰᠡᠨ ᠲᠠᠢ ᠪᠠᠨ ᠠᠳᠠᠯᠢ ᠪᠠᠷ ᠵᠢᠭᠠᠬᠤ ᠶᠢ ᠰᠠᠶᠢᠲᠤᠷ ᠠᠳᠬᠤᠵᠤ᠂ ︽ᠬᠤᠶᠠᠷ ᠢ ᠬᠦᠩᠬᠡᠷᠡᠭᠦᠯᠬᠦ︾ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠥᠨᠳᠥᠷ ᠪᠦᠲᠦᠮᠵᠢᠲᠡᠢ ᠬᠢᠴᠢᠶᠡᠯ ᠤᠨ ᠲᠠᠩᠬᠢᠮ ᠢ ᠪᠠᠶᠢᠭᠤᠯᠵᠤ᠂  ᠲᠦᠷᠦᠯᠵᠢ ᠪᠠᠭ᠎ᠠ ᠰᠤᠷᠭᠠᠭᠤᠯᠢ ᠶᠢᠨ ᠵᠢᠭᠠᠨ ᠰᠤᠳᠤᠯᠬᠤ ᠰᠢᠨ᠎ᠡ ᠬᠠᠭᠤᠳᠠᠰᠤ ᠶᠢ ᠪᠢᠴᠢᠭᠯᠡᠵᠦ᠂ ᠲᠦᠷᠦᠯᠵᠢ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠦᠬᠦ ᠲᠠᠯ᠎ᠠ ᠪᠠᠷ ᠦᠰᠦᠨ ᠪᠣᠶᠢᠵᠢᠬᠤ ᠳᠤ ᠠᠶᠠᠯᠠᠯ ᠬᠠᠮᠠᠭᠠᠯᠠᠨ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号