ᠦᠨᠳᠦᠰᠦᠨ ᠬᠠᠤᠯᠢ ᠶᠢᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠵᠦ ᠬᠠᠤᠯᠢ ᠪᠠᠷ ᠵᠠᠰᠠᠬᠤ ᠬᠦᠮᠦᠵᠢᠯ ᠨᠢ ᠦᠰᠦᠨ ᠪᠤᠶᠢᠵᠢᠯᠳᠠ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/12/8
   ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠰᠣᠷᠣᠭᠴᠢ ᠶᠢᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠱᠦᠢ ᠴᠢᠤᠸᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠱᠦᠢ ᠴᠢᠤᠸᠠᠨ ᠪᠠᠭ᠎ᠠ ᠰᠤᠷᠭᠠᠭᠤᠯᠢ ᠳᠤ ᠬᠦᠷᠴᠦ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠠᠵᠢᠯᠲᠠᠳ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠪᠠᠶᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠰᠤᠷᠤᠭᠴᠢᠳ ᠲᠤ ᠦᠨᠳᠦᠰᠦᠨ ᠬᠠᠤᠯᠢ ᠶᠢᠨ ᠭᠤᠣᠯ ᠠᠭᠤᠯᠭ᠎ᠠ ᠵᠢᠴᠢ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠡᠳᠦᠷ︾ ᠤᠨ ᠢᠷᠡᠯᠲᠡ ᠶᠢ ᠲᠠᠶᠢᠯᠪᠤᠷᠢᠯᠠᠨ ᠥᠭᠴᠡᠢ᠃ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠰᠣᠨᠢᠷᠬᠠᠯ ᠤᠨ ᠲᠣᠭᠯᠠᠭᠠᠮ ᠵᠡᠷᠭᠡ ᠠᠮᠢᠳᠤ ᠴᠣᠪᠣᠭᠤᠯᠢᠭ ᠬᠡᠯᠪᠡᠷᠢ ᠪᠠᠷ ᠳᠠᠮᠵᠢᠭᠤᠯᠤᠨ ︽ᠦᠨᠳᠦᠰᠦᠨ ᠬᠠᠤᠯᠢ ᠶᠢ ᠤᠶᠢᠯᠠᠭᠠᠬᠤ︾ ︽ᠦᠨᠳᠦᠰᠦᠨ ᠬᠠᠤᠯᠢ ᠬᠢᠭᠡᠳ ᠪᠢᠳᠡᠨ ᠤ ᠬᠤᠭᠤᠷᠣᠨᠳᠣᠬᠢ ᠬᠠᠷᠢᠴᠠᠭ᠎ᠠ︾ ︽ᠦᠨᠳᠦᠰᠦᠨ ᠬᠠᠤᠯᠢ ᠶᠢᠨ ᠪᠢᠴᠢᠬᠠᠨ ᠬᠠᠮᠠᠭᠠᠯᠠᠭᠴᠢ ᠪᠣᠯᠬᠤ︾ ᠭᠤᠷᠪᠠᠨ ᠠᠭᠤᠯᠭ᠎ᠠ ᠶᠢᠨ ᠲᠣᠭᠤᠷᠢᠨ ᠳᠤ᠂ ᠬᠠᠮᠲᠤ ᠰᠤᠷᠤᠭᠴᠢᠳ ᠲᠤ ᠦᠨᠳᠦᠰᠦᠨ ᠬᠠᠤᠯᠢ ᠶᠢᠨ ᠵᠠᠯᠠᠭᠤᠴᠤᠳ ᠪᠠᠭᠠᠴᠤᠳ ᠢ ᠬᠠᠮᠠᠭᠠᠯᠠᠬᠤ ᠦᠢᠯᠡᠳᠦᠯ ᠵᠢᠴᠢ ᠡᠳᠦᠷ ᠳᠤᠳᠤᠮ ᠤᠨ ᠠᠮᠢᠳᠤᠷᠠᠯ ᠳᠤ ᠲᠣᠬᠢᠶᠠᠯᠳᠤᠬᠤ ᠦᠨᠳᠦᠰᠦᠨ ᠬᠠᠤᠯᠢ ᠶᠢᠨ ᠮᠡᠳᠡᠯᠭᠡ ᠶᠢ ᠭᠦᠨᠵᠡᠭᠡᠢ ᠣᠶᠢᠯᠠᠭᠠᠭᠤᠯᠵᠤ᠂ ᠬᠠᠮᠲᠤ ᠰᠤᠷᠤᠭᠴᠢᠳ ᠪᠣᠯᠣᠨ ᠦᠨᠳᠦᠰᠦᠨ ᠬᠠᠤᠯᠢ ᠶᠢᠨ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠤᠯᠠᠨ ᠢ ᠬᠠᠪᠰᠤᠷᠤᠨ ᠦᠨᠳᠦᠰᠦᠨ ᠬᠠᠤᠯᠢ ᠶᠢ ᠨᠡᠩ ᠰᠠᠶᠢᠨ ᠲᠠᠨᠢᠭᠤᠯᠵᠤ᠂ ᠦᠨᠳᠦᠰᠦᠨ ᠬᠠᠤᠯᠢ ᠶᠢ ᠨᠡᠩ ᠰᠠᠶᠢᠨ ᠰᠤᠷᠤᠯᠴᠠᠭᠤᠯᠵᠠᠢ᠃ ᠳᠠᠷᠠᠭ᠎ᠠ ᠨᠢ ᠪᠠᠰᠠ ︽ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ︾ ︽ᠰᠢᠭᠤᠳ ᠨᠡᠪᠲᠡᠷᠡᠭᠦᠯᠭᠡ ᠪᠠᠷ ᠱᠠᠩᠨᠠᠯ ᠥᠭᠬᠦ︾ ᠵᠡᠷᠭᠡ ᠰᠤᠷᠤᠭᠴᠢᠳ ᠤᠨ ᠰᠣᠨᠢᠷᠬᠠᠯ ᠢ ᠲᠠᠲᠠᠭᠰᠠᠨ ᠬᠠᠯᠠᠮᠰᠢᠯ ᠴᠡᠭ ᠤᠨ ᠶᠠᠷᠢᠶᠠᠨ ᠤ ᠰᠡᠳᠦᠪ ᠢᠶᠠᠷ ᠭᠠᠷᠳᠠᠴᠠ ᠪᠣᠯᠭᠠᠵᠤ᠂ ᠰᠤᠷᠤᠭᠴᠢᠳ ᠲᠤ ︽ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠬᠡᠷᠬᠢᠨ ᠰᠡᠷᠭᠡᠶᠢᠯᠡᠬᠦ᠂ ᠶᠠᠭᠤ ᠶᠢ ᠴᠠᠬᠢᠯᠭᠠᠨ ᠬᠤᠯᠪᠣᠭᠠᠨ ᠤ ᠮᠡᠬᠡᠯᠡᠯ ᠭᠡᠬᠦ᠂ ᠦᠷᠭᠦᠯᠵᠢ ᠲᠣᠬᠢᠶᠠᠯᠳᠤᠳᠠᠭ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ᠂ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠠᠵᠢᠯ ᠤᠨ ᠰᠠᠨᠠᠭᠤᠯᠤᠮᠵᠢ︾ ᠵᠡᠷᠭᠡ ᠠᠭᠤᠯᠭ᠎ᠠ ᠶᠢ ᠲᠠᠶᠢᠯᠪᠤᠷᠢᠯᠠᠨ ᠥᠭᠴᠦ᠂ ᠬᠡᠦᠬᠡᠳ ᠤᠳ ᠲᠤ ᠥᠪᠡᠷ ᠢ ᠪᠠᠨ ᠬᠠᠮᠠᠭᠠᠯᠠᠬᠤ ᠶᠢ ᠴᠢᠬᠤᠯᠠᠴᠢᠯᠠᠵᠤ᠂ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠪᠤᠷᠤᠭᠤ ᠶᠢ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ ︽ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠬᠡᠷᠬᠢᠨ ᠬᠠᠤᠯᠢ ᠴᠠᠭᠠᠵᠠ ᠪᠠᠷ ᠥᠪᠡᠷ ᠢ ᠪᠠᠨ ᠬᠠᠮᠠᠭᠠᠯᠠᠬᠤ ᠪᠣᠶ︾ ᠪᠠ ︽ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠰᠡᠷᠭᠡᠶᠢᠯᠡᠬᠦ ᠤᠬᠠᠭᠤᠯᠭ᠎ᠠ ᠶᠢᠨ ᠳᠡᠪᠲᠡᠷ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 100 ᠭᠠᠷᠤᠢ ᠬᠤᠪᠢ ᠲᠠᠷᠬᠠᠭᠠᠵᠠᠢ᠃    ᠲᠤᠰ ᠤᠳᠠᠭᠠᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠨᠢ ᠰᠤᠷᠤᠭᠴᠢᠳ ᠤᠨ ᠦᠨᠳᠦᠰᠦᠨ ᠬᠠᠤᠯᠢ  ᠶᠢ ᠰᠤᠷᠤᠯᠴᠠᠬᠤ᠂ ᠦᠨᠳᠦᠰᠦᠨ ᠬᠠᠤᠯᠢ  ᠶᠢ ᠵᠢᠷᠤᠮᠯᠠᠬᠤ᠂ ᠦᠨᠳᠦᠰᠦᠨ ᠬᠠᠤᠯᠢ  ᠶᠢ ᠬᠠᠮᠠᠭᠠᠯᠠᠬᠤ᠂ ᠦᠨᠳᠦᠰᠦᠨ ᠬᠠᠤᠯᠢ  ᠶᠢ ᠬᠡᠷᠡᠭᠯᠡᠬᠦ ᠤᠬᠠᠮᠰᠠᠷ  ᠲᠠᠢ ᠪᠣᠯᠬᠤ  ᠶᠢ ᠪᠦᠲᠦᠮᠵᠢᠲᠡᠶ ᠪᠠᠷ ᠬᠥᠲᠥᠯᠥᠨ ᠵᠢᠯᠤᠭᠤᠳᠴᠤ᠂ ᠬᠡᠦᠬᠡᠳ ᠨᠢᠭᠡᠪᠦᠷᠢ ᠳᠤ ᠬᠠᠤᠯᠢ ᠴᠠᠭᠠᠵᠠ ᠶᠢᠨ ᠮᠡᠳᠡᠯᠭᠡ ᠶᠢ ᠡᠵᠡᠮᠰᠢᠭᠦᠯᠵᠦ᠂ ᠬᠠᠤᠯᠢ ᠴᠠᠭᠠᠵᠠ ᠪᠠᠷ ᠥᠪᠡᠷ ᠤᠨ ᠦᠢᠯᠡ ᠠᠵᠢᠯᠯᠠᠭ᠎ᠠ ᠪᠠᠨ ᠬᠢᠵᠠᠭᠠᠷᠯᠠᠵᠤ᠂ ᠥᠪᠡᠷ ᠤᠨ ᠡᠷᠬᠡ ᠠᠰᠢᠭ ᠢᠶᠠᠨ ᠬᠠᠮᠠᠭᠠᠯᠠᠵᠤ᠂ ᠬᠠᠤᠯᠢ ᠶᠢ ᠮᠡᠳᠡᠵᠦ᠂ ᠬᠠᠤᠯᠢ ᠶᠢ ᠰᠠᠬᠢᠳᠠᠭ ᠵᠢᠵᠢᠭ ᠢᠷᠭᠡᠨ ᠪᠣᠯᠬᠤ ᠪᠠᠷ ᠴᠢᠷᠮᠠᠶᠢᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ᠂ ᠬᠠᠤᠯᠢ ᠪᠠᠷ ᠵᠠᠰᠠᠬᠤ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠬᠠᠤᠯᠢ ᠶᠢ ᠵᠢᠷᠤᠮᠯᠠᠨ ᠬᠠᠤᠯᠢ ᠶᠢ ᠰᠤᠷᠴᠤ ᠬᠠᠤᠯᠢ ᠶᠢ ᠰᠠᠬᠢᠵᠤ᠂ ᠬᠠᠤᠯᠢ ᠶᠢ ᠬᠡᠷᠡᠭᠯᠡᠬᠦ ᠶᠠᠪᠤᠳᠠᠯ ᠢ ᠪᠦᠬᠦ ᠨᠡᠶᠢᠭᠡᠮ ᠤᠨ ᠬᠡᠪ ᠵᠠᠩᠰᠢᠯ ᠪᠣᠯᠭᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号