ᠲᠦᠴᠢᠦᠸᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠢ ᠳᠤ ᠪᠦᠬᠦ ᠬᠦᠴᠦᠨ ᠢᠶᠠᠷ ᠢᠶᠠᠨ ᠴᠠᠰᠤ ᠬᠢᠵᠦ ᠰᠢᠨ᠎ᠡ ᠴᠠᠰᠤᠨ ᠤ ᠤᠯᠠᠷᠢᠯ ᠢ ᠤᠭᠲᠤᠨ᠎ᠠ
ᠨᠡᠶᠢᠲᠡᠯᠡᠭᠰᠡᠨ ᠴᠠᠭ᠄
2023/12/9
   ᠮᠥᠰᠥ ᠴᠠᠰᠤᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠲᠦᠴᠢᠦᠸᠠᠨ ᠰᠢᠶᠠᠨ ᠤ ᠮᠥᠰᠥ ᠴᠠᠰᠤᠨ ᠤ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠡᠭᠦᠳᠬᠦ ᠶᠢᠨ ᠲᠥᠯᠥᠭᠡ᠂ ᠲᠦᠴᠢᠦᠸᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ ᠳᠤ ᠪᠥᠬᠦ ᠬᠦᠴᠦᠨ ᠢᠶᠠᠷ ᠢᠶᠠᠨ ᠲᠦᠭᠦᠭᠡᠷᠦᠮᠵᠢ ᠪᠠᠨ ᠲᠤᠷᠰᠢᠨ ᠲᠣᠬᠢᠷᠠᠭᠤᠯᠵᠤ᠂ ᠬᠥᠮᠥᠨ ᠤ ᠬᠦᠴᠦ ᠪᠠᠷ ᠴᠠᠰᠤ ᠬᠢᠬᠦ ᠠᠵᠢᠯ ᠢ ᠥᠷᠨᠢᠭᠦᠯᠵᠦ᠂ ᠵᠢᠱᠢᠯᠲᠡ ᠪᠠᠷ 12 ᠰᠠᠷ᠎ᠠ ᠶᠢᠨ 9 ᠤ ᠡᠳᠦᠷ ᠵᠢᠩᠬᠢᠨᠢ ᠪᠠᠷ ᠴᠠᠰᠤᠨ ᠳᠤ ᠭᠤᠯᠭᠤᠵᠦ ᠡᠬᠢᠯᠡᠨ᠎ᠡ᠃    ᠦᠷᠭᠦᠯᠵᠢᠯᠡᠨ ᠴᠠᠰᠤ ᠣᠷᠣᠵᠤ ᠳᠤᠯᠠᠭᠠᠨ ᠤ ᠬᠡᠮᠵᠢᠶ᠎ᠡ ᠳᠣᠷᠣᠭᠰᠢᠯᠠᠬᠤ ᠶᠢ ᠳᠠᠭᠠᠯᠳᠤᠨ᠂ ᠬᠥᠮᠥᠨ ᠤ ᠬᠦᠴᠦ ᠪᠠᠷ ᠴᠠᠰᠤ ᠬᠢᠬᠦ ᠬᠠᠮᠤᠭ ᠤᠨ ᠰᠠᠶᠢᠨ ᠲᠤᠬᠢᠶᠠᠯ ᠢ ᠤᠭᠲᠤᠨ ᠠᠪᠴᠢᠷᠠᠵᠤ᠂ ᠲᠦᠴᠢᠦᠸᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ ᠳᠤ ᠪᠥᠬᠦ ᠬᠦᠴᠦᠨ ᠢᠶᠠᠷ ᠢᠶᠠᠨ ᠪᠡᠯᠡᠳᠭᠡᠵᠦ᠂ ᠰᠢᠨ᠎ᠡ ᠴᠠᠰᠤᠨ ᠤ ᠤᠯᠠᠷᠢᠯ ᠬᠦᠷᠴᠦ ᠢᠷᠡᠬᠦ ᠶᠢ ᠤᠭᠲᠤᠵᠤ᠂ ᠴᠠᠰᠤᠨ ᠳᠤ ᠭᠤᠯᠭᠤᠬᠤ ᠳᠤᠷᠠᠲᠠᠢ ᠬᠥᠮᠥᠰ ᠲᠤ ᠮᠥᠰᠥ ᠴᠠᠰᠤᠨ ᠤ ᠭᠤᠶᠢᠳᠠ ᠰᠠᠶᠢᠬᠠᠨ ᠶᠢᠷᠲᠢᠨᠴᠦ ᠶᠢ ᠴᠣᠭᠴᠠᠯᠠᠨ ᠥᠭᠴᠦ ᠪᠠᠶᠢᠨ᠎ᠠ᠃    ᠲᠦᠴᠢᠦᠸᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ ᠶᠢᠨ ᠶᠡᠷᠦᠩᠬᠡᠢ ᠲᠠᠯᠠᠪᠠᠶ ᠨᠢ 66.6 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 2 ᠰᠠᠭᠤᠷᠢ ᠴᠠᠰᠤ ᠬᠢᠬᠦ ᠮᠠᠰᠢᠨ᠂ 2 ᠰᠢᠳᠢᠲᠦ ᠬᠡᠪᠢᠰ᠂ 1 ᠠᠭᠠᠷ ᠲᠠᠬᠢ ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ ᠵᠠᠮ ᠲᠣᠬᠢᠷᠠᠭᠤᠯᠤᠭᠰᠠᠨ ᠪᠠᠶᠢᠨ᠎ᠠ᠃ ᠣᠳᠣᠬᠠᠨ ᠳᠤ 300 ᠬᠥᠮᠥᠨ ᠬᠠᠮᠳᠤ ᠪᠠᠷ ᠴᠠᠰᠤᠨ ᠳᠤ ᠭᠤᠯᠭᠤᠵᠤ ᠪᠣᠯᠬᠤ ᠪᠥᠭᠡᠳ ᠠᠳᠠᠯᠢ ᠪᠤᠰᠤ ᠬᠦᠴᠢᠷᠳᠡᠯ ᠲᠠᠢ ᠴᠠᠰᠤᠨ ᠵᠠᠮ ᠪᠠ ᠣᠯᠠᠨ ᠶᠠᠩᠵᠤ ᠶᠢᠨ ᠦᠢᠯᠡᠴᠢᠯᠡᠭᠡᠨ ᠤ ᠲᠥᠬᠦᠭᠡᠷᠦᠮᠵᠢ ᠨᠢ ᠴᠦ ᠡᠯ᠎ᠡ ᠲᠥᠷᠥᠯ ᠤᠨ ᠬᠥᠮᠥᠰ ᠲᠤ ᠣᠯᠠᠨ ᠲᠠᠯ᠎ᠠ ᠶᠢᠨ ᠰᠣᠩᠭᠤᠯᠲᠠ ᠶᠢ ᠬᠠᠩᠭᠠᠵᠤ ᠪᠣᠯᠣᠨ᠎ᠠ᠃     ︽ᠪᠢᠳᠡ 11 ᠰᠠᠷ᠎ᠠ ᠶᠢᠨ ᠰᠡᠭᠦᠯᠴᠢ ᠠᠴᠠ ᠡᠬᠢᠯᠡᠨ ᠴᠠᠰᠤ ᠬᠢᠵᠦ᠂ 12 ᠰᠠᠷ᠎ᠠ ᠶᠢᠨ 9 ᠤ ᠡᠳᠦᠷ ᠵᠢᠩᠬᠢᠨᠢ ᠪᠠᠷ ᠡᠵᠡᠩᠨᠡᠬᠦ ᠪᠠᠷ ᠲᠥᠯᠥᠪᠯᠡᠵᠦ ᠪᠠᠶᠢᠨ᠎ᠠ᠃ ᠴᠠᠰᠤᠨ ᠳᠤ ᠭᠤᠯᠭᠤᠬᠤ ᠲᠠᠯᠠᠪᠠᠶ ᠳᠤ ᠠᠩᠬ᠎ᠠ ᠵᠡᠷᠭᠡ ᠶᠢᠨ᠂ ᠳᠤᠮᠳᠠ ᠵᠡᠷᠭᠡ ᠶᠢᠨ᠂ ᠳᠡᠭᠡᠳᠦ ᠵᠡᠷᠭᠡ ᠶᠢᠨ ᠭᠤᠷᠪᠠᠨ ᠵᠤᠷᠪᠤᠰ ᠴᠠᠰᠤᠨ ᠵᠠᠮ ᠵᠢᠴᠢ ᠨᠢᠭᠡ ᠵᠤᠷᠪᠤᠰ ᠴᠠᠰᠤᠨ ᠴᠠᠭᠠᠷᠢᠭ ᠵᠠᠮ᠂ ᠨᠢᠭᠡ ᠵᠤᠷᠪᠤᠰ ᠴᠠᠰᠤᠨ ᠮᠣᠲ᠋ᠣᠷ ᠵᠠᠮ ᠪᠣᠯᠣᠨ ᠬᠡᠦᠬᠡᠳ ᠤᠨ ᠨᠠᠭᠠᠳᠤᠨ ᠴᠡᠩᠭᠡᠬᠦ ᠣᠯᠠᠨ ᠴᠠᠰᠤᠨ ᠭᠠᠵᠠᠷ ᠤᠨ ᠲᠦᠷᠦᠯ ᠵᠦᠢᠯᠡᠰ ᠢ ᠭᠠᠷᠭᠠᠭᠰᠠᠨ ᠪᠥᠭᠡᠳ ᠨᠡᠶᠢᠳᠡ 300 ᠬᠥᠮᠥᠨ ᠢ ᠪᠠᠭᠲᠠᠭᠠᠵᠤ ᠵᠤᠭᠠᠴᠠᠭᠤᠯᠤᠨ ᠨᠠᠭᠠᠳᠤᠭᠤᠯᠵᠤ ᠪᠣᠯᠣᠨ᠎ᠠ︾  ᠭᠡᠵᠦ ᠴᠠᠰᠤᠨ ᠳᠤ ᠭᠤᠯᠭᠤᠬᠤ ᠲᠠᠯᠠᠪᠠᠢ ᠶᠢᠨ ᠳᠠᠭᠠᠭᠠᠮᠠᠯ ᠱᠤᠤ ᠳ᠋ᠠᠨ ᠳ᠋ᠠᠨ ᠲᠠᠨᠢᠯᠴᠠᠭᠤᠯᠪᠠ᠃    ᠥᠭᠡᠷᠡᠴᠢᠯᠡᠨ ᠰᠠᠶᠢᠵᠢᠷᠠᠭᠤᠯᠬᠤ ᠪᠠᠷ ᠳᠡᠮᠵᠢᠨ᠂ ᠲᠦᠴᠢᠦᠸᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ ᠳᠤ ᠲᠤᠰᠬᠠᠶᠢᠯᠠᠨ ᠬᠡᠦᠬᠡᠳ ᠤᠨ ᠴᠠᠰᠤᠨ ᠳᠤ ᠭᠤᠯᠭᠤᠬᠤ ᠣᠷᠣᠨ᠂ ᠨᠢᠰᠦᠭᠡ ᠲᠠᠪᠠᠭ᠂ ᠮᠥᠰᠥᠨ ᠳᠡᠭᠡᠷᠡᠬᠢ ᠳᠤᠭᠤᠢ ᠲᠡᠷᠭᠡ ᠵᠡᠷᠭᠡ ᠲᠥᠷᠥᠯ ᠵᠦᠢᠯ ᠢ ᠲᠣᠬᠢᠷᠠᠭᠤᠯᠵᠤ᠂ ᠠᠳᠠᠯᠢ ᠪᠤᠰᠤ ᠨᠠᠰᠤᠨ ᠤ ᠪᠠ ᠠᠳᠠᠯᠢ ᠪᠤᠰᠤ ᠴᠠᠰᠤᠨ ᠳᠤ ᠭᠤᠯᠭᠤᠬᠤ ᠱᠠᠭᠠᠷᠳᠠᠯᠭ᠎ᠠ ᠲᠠᠢ ᠬᠥᠮᠥᠰ ᠲᠤ ᠮᠥᠰᠥ ᠴᠠᠰᠤᠨ ᠤ ᠵᠤᠭᠠᠴᠠᠯ ᠤᠨ ᠡᠯᠪᠡᠭ ᠪᠠᠶᠠᠯᠢᠭ ᠣᠶᠢᠯᠠᠭᠠᠯᠲᠠ ᠬᠠᠩᠭᠠᠭᠰᠠᠨ ᠪᠠᠶᠢᠨ᠎ᠠ᠃ ᠴᠠᠰᠤᠨ ᠤ ᠬᠡᠷᠡᠭᠰᠡᠯ ᠤᠨ ᠶᠡᠭᠡ ᠲᠢᠩᠬᠢᠮ ᠳᠤ ᠬᠤᠭᠤᠯᠠ ᠤᠮᠳᠠᠭᠠᠨ ᠤ ᠭᠠᠵᠠᠷ ᠪᠠ ᠬᠤᠨᠤᠭ ᠤᠨ ᠭᠠᠵᠠᠷ ᠭᠠᠷᠭᠠᠵᠤ᠂ ᠵᠢᠭᠤᠯᠴᠢᠯᠠᠭᠴᠢᠳ ᠲᠤ ᠡᠨᠧᠷᠭᠢ ᠶᠢᠨ ᠬᠠᠩᠭᠠᠯᠭ᠎ᠠ ᠪᠠ ᠨᠠᠩ ᠣᠯᠠᠨ ᠰᠣᠩᠭᠤᠯᠲᠠ ᠬᠠᠩᠭᠠᠭᠰᠠᠨ ᠪᠠᠶᠢᠨ᠎ᠠ᠃    ᠲᠦᠴᠢᠦᠸᠠᠨ ᠰᠢᠶᠠᠨ ᠤ ᠰᠣᠶᠣᠯ ᠵᠤᠭᠠᠴᠠᠯ ᠤᠨ ᠲᠣᠪᠴᠢᠶ᠎ᠠ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ᠂ ᠵᠤᠭᠠᠴᠠᠵᠤ ᠬᠤᠳᠠᠯᠳᠤᠨ ᠠᠪᠬᠤ ᠵᠤᠭ᠎ᠠ ᠴᠡᠩᠭᠡᠯ︾ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠵᠤᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠵᠤᠭᠠᠴᠠᠯ ᠤᠨ ᠰᠠᠭᠤᠷᠢ ᠲᠥᠬᠦᠭᠡᠷᠦᠮᠵᠢ ᠶᠢ ᠲᠡᠰ ᠳᠡᠪᠰᠢᠭᠦᠯᠬᠦ᠂ ᠵᠤᠭᠠᠴᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠬᠦᠴᠦᠯᠡᠵᠦ᠂ ᠤᠯᠠᠨ ᠲᠡᠰ ᠳᠠᠪᠬᠤᠷᠭ᠎ᠠ ᠶᠢᠨ᠂ ᠤᠯᠠᠨ ᠶᠠᠩᠵᠤ ᠶᠢᠨ᠂ ᠤᠯᠠᠨ ᠡᠵᠡᠩᠨᠡᠯᠲᠡ ᠶᠢᠨ ᠬᠡᠯᠪᠡᠷᠢ ᠲᠠᠢ ᠡᠪᠦᠯ ᠤᠨ ᠤᠯᠠᠷᠢᠯ ᠤᠨ ᠵᠤᠭᠠᠴᠠᠯ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠵᠤᠭᠠᠴᠠᠭᠰᠠᠳ ᠲᠤ ᠨᠠᠷᠢᠨ ᠨᠢᠮᠪᠠᠢ ᠦᠢᠯᠡᠴᠢᠯᠡᠭᠡ ᠬᠠᠩᠭᠠᠵᠤ᠂ ᠮᠥᠰᠥ ᠴᠠᠰᠤᠨ ᠤ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃    ᠰᠢᠨ᠎ᠡ ᠴᠠᠰᠤᠲᠤ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠲᠦᠴᠢᠦᠸᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ ᠳᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠠᠰᠤᠲᠤ ᠤᠯᠠᠷᠢᠯ ᠤᠨ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠂ ᠠᠮᠤᠷ ᠲᠦᠪᠰᠢᠨ᠂ ᠤᠷᠤᠭᠰᠢᠲᠠᠢ ᠭᠤᠯᠭᠤᠬᠤ ᠶᠢ ᠦᠨᠡᠨ ᠬᠦ ᠪᠠᠲᠤᠯᠠᠵᠤ᠂ ᠪᠥᠬᠦ ᠰᠢᠶᠠᠨ ᠤ ᠮᠥᠰᠥ ᠴᠠᠰᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠣᠯᠣᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号