ᠲᠦᠴᠢᠦᠸᠠᠨ ᠰᠢᠶᠠᠨ ᠤ ᠯᠢᠦ ᠬᠣ᠋ ᠳᠤᠮᠳᠠᠳᠤ ᠰᠤᠷᠭᠠᠭᠤᠯᠢ ᠰᠢᠶᠠᠨ ᠤ ᠮᠦᠽᠧᠢ ᠲᠠᠢ ᠬᠤᠯᠪᠤᠭᠠᠯᠠᠨ ᠰᠢᠨ᠎ᠡ ᠶᠢ ᠡᠭᠦᠳᠴᠦ ︽ᠬᠤᠶᠠᠳᠤᠭᠠᠷ ᠬᠢᠴᠢᠶᠡᠯ ᠤᠨ ᠲᠠᠩᠬᠢᠮ︾ ᠢ ᠥᠷᠨᠢᠭᠦᠯᠪᠡ
ᠨᠡᠶᠢᠲᠡᠯᠡᠭᠰᠡᠨ ᠴᠠᠭ᠄
2023/12/9
   ︽ᠬᠤᠶᠠᠷ ᠢ ᠬᠦᠩᠬᠡᠷᠡᠭᠦᠯᠬᠦ︾ ᠲᠥᠷᠥ ᠶᠢᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠤ ᠯᠢᠦ ᠬᠣ᠋ ᠳᠤᠮᠳᠠᠳᠤ ᠰᠤᠷᠭᠠᠭᠤᠯᠢ ᠲᠦᠴᠢᠦᠸᠠᠨ ᠰᠢᠶᠠᠨ ᠤ ᠠᠷᠠᠳ ᠤᠨ ᠵᠠᠩ ᠦᠶᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠤᠶᠢᠯᠭᠠᠬᠤ ᠣᠷᠳᠣᠨ᠂ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠲᠠᠢ ᠭᠠᠷ ᠬᠤᠯᠪᠣᠨ ︽ᠬᠤᠶᠠᠷ ᠢ ᠬᠦᠩᠬᠡᠷᠡᠭᠦᠯᠬᠦ︾ ᠠᠵᠢᠯ ᠢ ᠨᠠᠶᠢᠳᠠᠪᠤᠷᠢᠵᠢᠭᠤᠯᠵᠤ᠂ ︽ᠬᠤᠶᠠᠳᠤᠭᠠᠷ ᠬᠢᠴᠢᠶᠡᠯ ᠤᠨ ᠲᠠᠩᠬᠢᠮ︾ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠪᠣᠯᠣᠨ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠲᠦᠴᠢᠦᠸᠠᠨ ᠰᠢᠶᠠᠨ ᠤ ᠯᠢᠦ ᠬᠣ᠋ ᠳᠤᠮᠳᠠᠳᠤ ᠰᠤᠷᠭᠠᠭᠤᠯᠢ ᠳᠤ ᠬᠦᠷᠴᠦ ︽ᠬᠤᠪᠢᠰᠬᠠᠯ ᠤᠨ ᠤᠳᠤᠮᠰᠢᠯ ᠢ ᠦᠷᠭᠦᠯᠵᠢᠯᠡᠭᠦᠯᠦᠨ ᠬᠤᠪᠢᠰᠬᠠᠯ ᠤᠨ ᠭᠧᠨ ᠢ ᠤᠯᠠᠮᠵᠢᠯᠠᠬᠤ︾ ᠰᠤᠷᠭᠠᠭᠤᠯᠢ ᠶᠢᠨ ᠬᠦᠷᠢᠶᠡᠨ ᠳᠤ ᠣᠷᠣᠵᠤ ᠤᠬᠠᠭᠤᠯᠤᠨ ᠬᠥᠮᠥᠵᠢᠭᠦᠯᠬᠦ ᠠᠵᠢᠯᠯᠠᠭ᠎ᠠ ᠥᠷᠨᠢᠭᠦᠯᠪᠡ᠂ ᠠᠵᠢᠯᠯᠠᠭ᠎ᠠ ᠳᠤ ᠨᠡᠶᠢᠳᠡ 5 ᠬᠤᠷᠠᠯ ᠤᠨ ᠲᠠᠯᠠᠪᠠᠢ ᠬᠤᠪᠢᠶᠠᠵᠠᠢ᠃ ᠠᠳᠠᠯᠢ ᠪᠤᠰᠤ ᠭᠤᠣᠯ ᠰᠡᠳᠦᠪᠲᠦ ᠲᠠᠶᠢᠯᠤᠮᠵᠢ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠵᠦ ᠂ ᠰᠤᠷᠤᠭᠴᠢᠳ ᠤᠨ ᠪᠥᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠰᠤᠷᠤᠭᠴᠢᠳ ᠤᠨ ᠬᠢᠴᠢᠶᠡᠯ ᠲᠠᠰᠬᠠᠯ ᠤᠨ ᠳᠠᠷᠤᠭᠠᠰᠤ ᠪᠠ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠦᠨ᠎ᠡ᠃    ᠮᠢᠩᠭᠠᠨ ᠵᠢᠯ ᠤᠨ ᠴᠦᠨ ᠵᠸᠤ᠂ ᠵᠠᠭᠤᠨ ᠵᠢᠯ ᠤᠨ ᠲᠤᠮᠤ ᠰᠢᠶᠠᠨ᠃ ᠦᠯᠢᠭᠡᠷ ᠨᠢᠭᠡᠪᠦᠷᠢ ᠨᠢ ᠴᠥᠮ ᠨᠢᠭᠡ ᠬᠡᠰᠡᠭ ᠬᠤᠪᠢᠰᠬᠠᠯ ᠤᠨ ᠳᠤᠷᠠᠳᠬᠠᠯ ᠪᠣᠯᠣᠨ᠎ᠠ᠃ ᠪᠠᠭᠠᠲᠤᠷ ᠨᠢᠭᠡᠪᠦᠷᠢ ᠴᠥᠮ ᠵᠣᠷᠢᠭ ᠰᠠᠨᠠᠭᠠᠨ ᠤ ᠥᠷᠯᠥᠭ ᠬᠥᠰᠢᠶ᠎ᠡ ᠮᠥᠨ᠃ ᠪᠢᠳᠠ ᠬᠠᠮᠲᠤᠪᠠᠷ ᠴᠠᠭ ᠮᠥᠴᠡ ᠶᠢᠨ ᠬᠤᠩᠭᠢᠯ ᠢᠶᠠᠷ ᠥᠩᠭᠡᠷᠡᠵᠦ᠂ ᠬᠤᠪᠢᠰᠬᠠᠯ ᠤᠨ ᠲᠡᠦᠬᠡ ᠶᠢ ᠡᠷᠭᠢᠴᠡᠭᠦᠯᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠰᠢᠩᠭᠡᠬᠡᠨ ᠠᠪᠴᠤ᠂ ᠡᠷᠡᠰ ᠪᠠᠲᠤ ᠢᠲᠡᠭᠡᠯ ᠪᠢᠰᠢᠷᠡᠯ ᠢ ᠮᠡᠳᠡᠷᠡᠵᠦ᠂ ᠬᠤᠪᠢᠰᠬᠠᠯ ᠤᠨ ᠭᠧᠨ ᠢ ᠤᠯᠠᠮᠵᠢᠯᠠᠨ᠎ᠠ ᠭᠡᠵᠦ ᠮᠦᠽᠧᠢ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ᠲᠦᠴᠢᠦᠸᠠᠨ ᠰᠢᠶᠠᠨ ᠤ ᠥᠨᠢ ᠤᠳᠠᠭᠠᠨ ᠲᠡᠦᠬᠡ᠂ ᠲᠠᠷᠢᠶᠠᠯᠠᠬᠤ ᠰᠣᠶᠣᠯ᠂ ᠬᠤᠪᠢᠰᠬᠠᠯ ᠤᠨ ᠰᠣᠶᠣᠯ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠲᠤᠬᠠᠢ ᠶᠠᠷᠢᠨ᠎ᠠ᠃    ᠬᠤᠪᠢᠰᠬᠠᠯ ᠤᠨ ᠴᠢᠰᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠬᠤ ᠴᠢᠬᠤᠯᠠᠲᠠᠢ᠂ ᠬᠤᠪᠢᠰᠬᠠᠯ ᠤᠨ ᠦᠯᠢᠭᠡᠷ ᠢ ᠤᠯᠠᠮᠵᠢᠯᠠᠨ ᠳᠡᠯᠭᠡᠷᠡᠭᠦᠯᠬᠦ ᠴᠢᠬᠤᠯᠠᠲᠠᠢ᠂ ᠬᠤᠪᠢᠰᠬᠠᠯ ᠤᠨ ᠲᠠᠶᠢᠯᠪᠤᠷᠢᠯᠠᠭᠴᠢ ᠶᠢᠨ ᠡᠩᠨᠡᠭᠡ ᠶᠢ ᠪᠤᠵᠠᠭᠠᠶᠢᠷᠠᠭᠤᠯᠬᠤ ᠴᠢᠬᠤᠯᠠᠲᠠᠢ᠃ ᠮᠠᠨ ᠤ ᠬᠥᠮᠥᠨ ᠨᠢᠭᠡᠪᠦᠷᠢ ᠴᠥᠮ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠡᠨᠡᠬᠦ ᠡᠯᠪᠡᠭ ᠪᠠᠶᠠᠯᠢᠭ ᠦᠯᠢᠭᠡᠷ ᠤᠨ ᠲᠡᠭᠦᠪᠦᠷᠢ ᠶᠢᠨ ᠣᠷᠣᠯᠴᠠᠭᠴᠢ ᠮᠥᠨ᠃ ᠬᠤᠪᠢᠰᠬᠠᠯ ᠤᠨ ᠦᠯᠢᠭᠡᠷ ᠢ ᠠᠷᠠᠳ ᠣᠯᠠᠨ ᠳᠤ ᠨᠡᠩ ᠰᠠᠶᠢᠨ ᠶᠠᠷᠢᠵᠤ ᠥᠭᠬᠦ ᠶᠢᠨ ᠲᠥᠯᠥᠭᠡ᠂ ᠬᠤᠪᠢᠰᠬᠠᠯ ᠤᠨ ᠵᠣᠷᠢᠭ ᠰᠠᠨᠠᠭ᠎ᠠ ᠪᠠᠷ ᠤᠷᠤᠭᠰᠢᠯᠠᠯᠲᠠ ᠶᠢᠨ ᠵᠠᠮ ᠢᠶᠠᠨ ᠡᠭᠦᠷᠢᠳᠡ ᠭᠡᠷᠡᠯᠳᠦᠬᠦᠯᠵᠦ᠂ ᠰᠢᠶᠠᠨ ᠤ ᠮᠦᠽᠧᠢ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠰᠤᠷᠭᠠᠭᠤᠯᠢ ᠶᠢᠨ ᠵᠠᠷᠢᠮ ᠨᠡᠪᠲᠡᠷᠡᠭᠦᠯᠭᠡ ᠳᠤ ᠪᠠᠭ᠋ᠠᠲᠠᠢ᠂ ᠲᠡᠦᠬᠡ ᠰᠣᠶᠣᠯ ᠳᠤ ᠪᠠᠭ᠋ᠠᠲᠠᠢ ᠰᠤᠷᠤᠭᠴᠢᠳ ᠲᠤ ᠨᠡᠪᠲᠡᠷᠡᠭᠦᠯᠭᠡ ᠶᠢᠨ ᠶᠣᠰᠣᠯᠠᠯ ᠤᠨ ᠪᠣᠯᠪᠠᠰᠤᠷᠠᠯ ᠬᠦᠷᠲᠡᠭᠡᠵᠡᠢ᠃ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ᠂ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠤ ᠪᠢᠴᠢᠬᠠᠨ ᠲᠠᠶᠢᠯᠪᠤᠷᠢᠯᠠᠭᠴᠢ ᠪᠣᠯᠬᠤ ᠵᠠᠪᠰᠢᠶᠠᠨ ᠲᠠᠢ ᠪᠣᠯᠭᠠᠵᠤ᠂ ᠰᠤᠷᠤᠭᠴᠢᠳ ᠨᠠᠷᠢᠨ ᠬᠢᠨᠠᠮᠠᠭᠠᠢ ᠰᠤᠷᠤᠯᠴᠠᠵᠤ᠂ ᠵᠣᠷᠢᠭᠲᠠᠢ ᠪᠠᠷ ᠢᠯᠡᠷᠡᠭᠦᠯᠵᠦ᠂ ᠨᠢᠭᠡᠨ ᠬᠢᠷᠢ ᠲᠡᠩᠴᠡᠭᠰᠡᠨ ᠬᠤᠪᠢᠰᠬᠠᠯ ᠤᠨ ᠦᠯᠢᠭᠡᠷ ᠤᠨ ᠲᠠᠶᠢᠯᠪᠤᠷᠢᠯᠠᠭᠴᠢ ᠪᠣᠯᠬᠤ ᠪᠠᠷ ᠴᠢᠷᠮᠠᠶᠢᠵᠤ᠂ ᠭᠤᠶᠢᠳᠠ ᠰᠠᠶᠢᠬᠠᠨ ᠲᠦᠴᠢᠦᠸᠠᠨ ᠤ ᠦᠯᠢᠭᠡᠷ ᠢ ᠨᠡᠩ ᠬᠤᠯᠠ ᠤᠯᠠᠮᠵᠢᠯᠠᠨ᠎ᠠ᠃    ᠯᠢ ᠸᠧᠨ ᠮᠢᠩ ᠰᠤᠷᠭᠠᠭᠤᠯᠢ ᠶᠢᠨ ᠵᠠᠬᠢᠷᠤᠯ ᠢᠯᠡᠷᠬᠡᠶᠢᠯᠡᠬᠦ ᠳᠡᠭᠡᠨ᠂ ᠲᠤᠰ ᠤᠳᠠᠭᠠᠨ ᠤ ᠮᠦᠽᠧᠢ ᠶᠢᠨ ᠨᠡᠭᠦᠳᠡᠯ ᠦᠵᠡᠭᠦᠯᠦᠯᠭᠡ ᠶᠢᠨ ︽ᠰᠤᠷᠭᠠᠭᠤᠯᠢ ᠶᠢᠨ ᠬᠦᠷᠢᠶᠡᠨ ᠳᠤ ᠣᠷᠣᠬᠤ︾ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠢ ᠮᠦᠽᠧᠢ ᠶᠢᠨ ᠡᠬᠢ ᠪᠠᠶᠠᠯᠢᠭ ᠪᠣᠯᠣᠨ ᠰᠤᠷᠭᠠᠭᠤᠯᠢ ᠶᠢᠨ ᠰᠤᠷᠭᠠᠨ ᠬᠥᠮᠦᠵᠢᠯ ᠢ ᠤᠶᠠᠯᠳᠤᠭᠤᠯᠵᠤ᠂ ᠰᠤᠷᠭᠠᠭᠤᠯᠢ  ᠶᠢᠨ ᠰᠣᠶᠣᠯ ᠰᠤᠷᠭᠠᠨ ᠬᠥᠮᠦᠵᠢᠯ ᠪᠣᠯᠣᠨ ᠰᠤᠷᠭᠠᠭᠤᠯᠢ ᠶᠢᠨ ᠭᠠᠳᠠᠨᠠᠬᠢ ᠮᠡᠳᠡᠯᠭᠡ ᠶᠢᠨ ᠨᠥᠭᠡᠴᠡ ᠶᠢ ᠪᠦᠲᠦᠮᠵᠢᠲᠡᠶ ᠪᠠᠷ ᠠᠪᠴᠠᠯᠳᠤᠭᠤᠯᠵᠤ᠂ ᠰᠤᠷᠤᠭᠴᠢᠳ ᠲᠤ ᠨᠤᠲᠤᠭ ᠤᠰᠤᠨ ᠤ ᠪᠠᠨ ᠥᠨᠢ ᠤᠳᠠᠭᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ ᠢ ᠣᠶᠢᠯᠠᠭᠠᠭᠤᠯᠵᠤ᠂ ᠡᠬᠡ ᠣᠷᠣᠨ ᠢᠶᠠᠨ ᠬᠠᠶᠢᠷᠠᠯᠠᠵᠤ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ ᠶᠢ ᠨᠢ ᠬᠥᠭᠵᠢᠭᠡᠵᠦ᠂ ᠨᠤᠲᠤᠭ ᠤᠰᠤᠨ ᠤ ᠪᠠᠨ ᠲᠡᠦᠬᠡ ᠰᠣᠶᠣᠯ ᠤᠨ ᠤᠯᠠᠮᠵᠢᠯᠠᠯ ᠢ ᠬᠠᠮᠠᠭᠠᠯᠠᠬᠤ ᠪᠠ ᠤᠯᠠᠮᠵᠢᠯᠠᠬᠤ ᠳᠤ ᠠᠰᠢᠭᠲᠠᠢ ᠪᠣᠯᠭᠠᠵᠠᠢ᠃ ︽ᠬᠤᠶᠠᠷ ᠢ ᠬᠦᠩᠬᠡᠷᠡᠭᠦᠯᠬᠦ︾ ᠲᠥᠷᠥ ᠶᠢᠨ ᠪᠣᠳᠣᠯᠭ᠎ᠠ ᠶᠢᠨ ᠳᠣᠣᠷ᠎ᠠ᠂ ᠮᠠᠨ ᠤ ᠰᠤᠷᠭᠠᠭᠤᠯᠢ ᠨᠡᠶᠢᠭᠡᠮ ᠤᠨ ᠡᠬᠢ ᠪᠠᠶᠠᠯᠢᠭ ᠢ ᠭᠦᠢᠴᠡᠳ ᠠᠰᠢᠭᠯᠠᠨ ︽ᠬᠤᠶᠠᠷ ᠢ ᠬᠦᠩᠬᠡᠷᠡᠭᠦᠯᠬᠦ︾ ᠠᠵᠢᠯ ᠢ ᠠᠬᠢᠭᠤᠯᠵᠤ᠂ ᠰᠢᠶᠠᠨ ᠤ ᠮᠦᠽᠧᠢ ᠲᠠᠢ ᠦᠷᠭᠦᠯᠵᠢᠯᠡᠨ ᠬᠠᠮᠲᠤᠷᠠᠯᠴᠠᠨ᠎ᠠ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠢᠶᠠᠷ᠂ ︽ᠠᠳᠠᠯᠢ ᠪᠤᠰᠤ ᠬᠢᠴᠢᠶᠡᠯ ᠤᠨ ᠲᠠᠩᠬᠢᠮ︾ ᠢ ᠰᠤᠷᠭᠠᠭᠤᠯᠢ ᠳᠤ ᠣᠷᠣᠭᠤᠯᠵᠤ᠂ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠪᠠᠷ ᠵᠣᠯᠭᠠᠭᠤᠯᠵᠤ᠂ ᠮᠦᠽᠧᠢ ᠶᠢᠨ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠢᠯᠢᠳᠡᠭ ᠤᠯᠠᠮᠵᠢᠯᠠᠯᠲᠤ ᠰᠣᠶᠣᠯ᠂ ᠨᠤᠲᠤᠭ ᠤᠨ ᠰᠣᠶᠣᠯ ᠢ ᠪᠠᠳᠠᠷᠠᠭᠤᠯᠤᠭᠰᠠᠨ ᠪᠠᠶᠢᠨ᠎ᠠ᠃ ᠬᠤᠶᠢᠰᠢᠳᠠ᠂ ᠮᠠᠨ ᠤ ᠰᠤᠷᠭᠠᠭᠤᠯᠢ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠷᠢᠯᠢᠭ ᠨᠠᠶᠢᠳᠠᠪᠤᠷᠢᠵᠢᠭᠤᠯᠵᠤ᠂ ᠲᠦᠴᠢᠦᠸᠠᠨ ᠰᠢᠶᠠᠨ ᠤ ᠯᠢᠦ ᠬᠣ᠋ ᠳᠤᠮᠳᠠᠳᠤ ᠰᠤᠷᠭᠠᠭᠤᠯᠢ ᠦᠷᠭᠦᠯᠵᠢᠯᠡᠨ ᠰᠤᠷᠤᠭᠴᠢᠳ ᠲᠤ ᠣᠯᠠᠨ ᠶᠠᠩᠵᠤ ᠶᠢᠨ ᠬᠢᠴᠢᠶᠡᠯ ᠤᠨ ᠥᠩᠭᠡᠷᠡᠭᠡᠯᠲᠡ ᠬᠢᠵᠦ᠂ ︽ᠬᠤᠶᠠᠷ ᠢ ᠬᠦᠩᠬᠡᠷᠡᠭᠦᠯᠬᠦ︾ ᠳᠣᠣᠷᠠᠬᠢ ᠬᠢᠴᠢᠶᠡᠯ ᠤᠨ ᠲᠠᠩᠬᠢᠮ ᠳᠤ ᠨᠠᠩ ᠭᠤᠶᠢᠳᠠ ᠰᠠᠶᠢᠬᠠᠨ ᠥᠩᠭᠡ ᠪᠤᠳᠤᠭ ᠨᠡᠮᠡᠷᠢᠯᠡᠬᠦ ᠪᠣᠯᠣᠨ᠎ᠠ᠃    ︽ᠨᠢᠭᠡ ᠮᠦᠽᠧᠢ ᠪᠣᠯ ᠳᠠᠷᠤᠢ ᠨᠢᠭᠡ ᠶᠡᠭᠡ ᠰᠤᠷᠭᠠᠭᠤᠯᠢ ᠮᠥᠨ︾᠂ ᠮᠦᠽᠧᠢ ᠪᠣᠯᠣᠨ ᠰᠤᠷᠭᠠᠭᠤᠯᠢ ᠶᠢᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠰᠤᠷᠭᠠᠭᠤᠯᠢ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ᠂ ᠭᠤᠸ᠎ᠠ ᠰᠠᠶᠢᠬᠠᠨ ᠢᠶᠠᠷ ᠬᠥᠮᠥᠨ ᠢ ᠬᠥᠮᠥᠵᠢᠭᠦᠯᠬᠦ᠂ ᠰᠣᠶᠣᠯ ᠢᠶᠠᠷ ᠬᠥᠮᠥᠨ ᠢ ᠬᠥᠮᠥᠵᠢᠭᠦᠯᠬᠦ ᠬᠠᠷᠢᠯᠴᠠᠨ ᠦᠢᠯᠡᠳᠦᠯᠴᠡᠬᠦ ᠵᠠᠭᠪᠤᠷ ᠢ ᠦᠷᠭᠦᠯᠵᠢᠯᠡᠨ ᠰᠦᠪᠡᠭᠴᠢᠯᠡᠵᠦ᠂ ᠮᠦᠽᠧᠢ ᠶᠢᠨ ︽ᠬᠤᠶᠠᠳᠤᠭᠠᠷ ᠬᠢᠴᠢᠶᠡᠯ ᠤᠨ ᠲᠠᠩᠬᠢᠮ︾ ᠤᠨ ᠴᠢᠳᠠᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠭᠴᠢᠳ ᠢ ᠬᠢᠴᠢᠶᠡᠯ ᠤᠨ ᠳᠡᠪᠲᠡᠷ ᠠᠴᠠ ᠭᠠᠷᠭᠠᠵᠤ᠂ ᠰᠤᠷᠭᠠᠭᠤᠯᠢ ᠠᠴᠠ ᠭᠠᠷᠭᠠᠵᠤ᠂ ᠨᠤᠲᠤᠭ ᠤᠨ ᠲᠡᠦᠬᠡ ᠰᠣᠶᠣᠯ ᠢ ᠨᠡᠩ ᠰᠠᠶᠢᠨ ᠣᠶᠢᠯᠠᠭᠠᠵᠤ᠂ ︽ᠬᠤᠶᠠᠷ ᠢ ᠬᠦᠩᠬᠡᠷᠡᠭᠦᠯᠬᠦ︾ ᠲᠦᠷᠦ ᠶᠢᠨ ᠪᠣᠳᠣᠯᠭ᠎ᠠ ᠶᠢ ᠨᠡᠩ ᠰᠠᠶᠢᠨ ᠨᠠᠶᠢᠳᠠᠪᠤᠷᠢᠵᠢᠭᠤᠯᠬᠤ ᠪᠣᠯᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号