ᠲᠦᠴᠢᠦᠸᠠᠨ ᠰᠢᠶᠠᠨ ᠤ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/2/15
  ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2021 ᠣᠨ ᠤ 1 ︱ 12 ᠳ᠋ᠤᠭᠠᠷ ᠰᠠᠷ᠎ᠠ ᠳᠤ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 81.7048 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ  ᠬᠢ ᠠᠴᠠ 2.3% ᠪᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 5.2%︶᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 35.4503 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 21.9596 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ ︱ 6.4% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 24.2948 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠨᠡᠮᠡᠭᠳᠡᠪᠡ᠃    2021 ᠣᠨ ᠤ 1 ︱ 12 ᠰᠠᠷ᠎ᠠ ᠳᠤ ᠲᠦᠴᠢᠦᠸᠠᠨ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ︱ 41.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ ︱ 4.6%︶᠃    2021 ᠣᠨ ᠤ 1 ︱ 12 ᠰᠠᠷ᠎ᠠ ᠳᠤ ᠲᠦᠴᠢᠦᠸᠠᠨ ᠰᠢᠶᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠭᠤᠷᠪᠠᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 2.9%︶᠃    2021 ᠣᠨ ᠤ 1 ︱ 12 ᠰᠠᠷ᠎ᠠ ᠳᠤ ᠲᠦᠴᠢᠦᠸᠠᠨ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 134195.3 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠲᠠᠪᠤᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 5.2%︶᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号