ᠵᠠᠰᠠᠭ ᠤᠨ ᠶᠠᠪᠤᠳᠡᠯ ᠤᠨ ᠲᠤᠮᠤ ᠠᠵᠢᠯ ᠶᠠᠪᠤᠳᠡᠯ ᠤᠨ ᠲᠡᠮᠳᠡᠭᠯᠡᠯ ︵2022 ᠤᠨ ᠤ 9 ᠰᠠᠷ᠎ᠠ︶
ᠨᠡᠶᠢᠲᠡᠯᠡᠭᠰᠡᠨ ᠴᠠᠭ᠄
2023/2/21
  9 ᠰᠠᠷ᠎ᠠ ᠶᠢᠨ 6 ᠤ ᠡᠳᠦᠷ᠂ ᠪᠥᠬᠦ ᠠᠶᠢᠮᠠᠭ ᠤᠨ ᠰᠦᠯᠵᠢᠶ᠎ᠡ ᠶᠢ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠢ ᠶᠢᠨ ᠲᠠᠯᠠᠪᠠᠶ ᠶᠢᠨ ᠰᠣᠯᠢᠯᠴᠠᠭᠠᠨ ᠤ ᠬᠤᠷᠠᠯ ᠲᠦᠴᠢᠦᠸᠠᠨ ᠰᠢᠶᠠᠨ ᠳᠤ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠨ ᠬᠤᠸᠠ ᠵᠧᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠶᠠᠩ ᠪᠦᠦ ᠲᠢᠶᠠᠨ᠂ ᠯᠢᠦ ᡁᠢ ᠹᠧᠩ᠂ ᠠᠶᠢᠮᠠᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠬᠤᠰᠢᠭᠤ ᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    9 ᠰᠠᠷ᠎ᠠ ᠶᠢᠨ 13 ᠤ ᠡᠳᠦᠷ᠂ ᠲᠦᠴᠢᠦᠸᠠᠨ ᠰᠢᠶᠠᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ ᠠᠵᠢᠯ ᠤᠨ ᠬᠠᠭᠤᠳᠠᠰᠤ ᠶᠢᠨ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠪᠤᠤ ᠬᠦᠭᠵᠢᠯᠲᠦ᠂ ᠸᠠᠩ ᠵᠢᠶᠠ ᠵᠢᠶᠦ᠋ᠨ᠂ ᠨᠢᠩ ᠬᠠᠢ ᠶᠠᠨ᠂ ᠯᠢᠦ ᡁᠢ ᠹᠧᠩ᠂ ᠯᠢᠦ ᠴᠦᠨ ᠯᠢ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠣᠯᠣᠨ ᠪᠣᠳᠠᠲᠠᠢ ᠲᠤᠬᠠᠶᠢᠯᠠᠭᠰᠠᠨ ᠠᠵᠢᠯ ᠤᠨ ᠠᠵᠢᠯᠲᠠᠨ ᠬᠤᠷᠠᠯ ᠳᠤ ᠣᠷᠣᠯᠴᠠᠵᠠᠢ᠃     9 ᠰᠠᠷ᠎ᠠ ᠶᠢᠨ 21 ᠤ ᠡᠳᠦᠷ᠂ ᠲᠦᠴᠢᠦᠸᠠᠨ ᠰᠢᠶᠠᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠭᠦᠢᠴᠡᠳᠬᠡᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠠᠯᠪᠠᠨ ᠭᠡᠷ ᠤᠨ ᠬᠠᠨᠤᠮᠵᠢ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠨᠠᠷ ᠲᠦᠴᠢᠦᠸᠠᠨ ᠰᠢᠶᠠᠨ ᠳᠤ ᠬᠦᠷᠴᠦ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠵᠢᠯ ᠤᠨ ᠬᠠᠭᠤᠳᠠᠰᠤ ᠭᠦᠢᠴᠡᠳᠬᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠤᠭᠤᠳᠴᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠸᠠᠩ ᠵᠢᠶᠠ ᠵᠢᠶᠦ᠋ᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠳ᠋ᠠᠢ ᠯᠢ ᠮᠢᠩ᠂ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号