ᠵᠠᠰᠠᠭ ᠤᠨ ᠶᠠᠪᠤᠳᠡᠯ ᠤᠨ ᠲᠤᠮᠤ ᠠᠵᠢᠯ ᠶᠠᠪᠤᠳᠡᠯ ᠤᠨ ᠲᠡᠮᠲᠡᠭᠯᠡᠯ ︵2022 ᠤᠨ ᠤ 10 ᠰᠠᠷ᠎ᠠ︶
ᠨᠡᠶᠢᠲᠡᠯᠡᠭᠰᠡᠨ ᠴᠠᠭ᠄
2023/2/21
   10 ᠰᠠᠷ᠎ᠠ ᠶᠢᠨ 7 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠬᠥᠮᠥᠰ ᠢ ᠵᠢᠭᠰᠠᠭᠠᠨ ᠪᠠᠶᠢᠴᠠᠭᠠᠬᠤ᠂ ᠪᠥᠬᠦ ᠴᠠᠷᠠᠭᠠᠨ ᠳᠤ ᠳᠤᠭᠤᠢ ᠬᠠᠮᠢᠶᠠᠷᠬᠤ᠂ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ  ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠰᠢᠶᠠᠨ ᠤ ᠳᠦᠷᠪᠡᠨ ᠶᠡᠭᠡ ᠪᠠᠭ ᠤᠨ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠠᠵᠢᠯ ᠤᠨ ᠳᠤᠭᠤᠶᠢᠯᠠᠩ᠂ ᠲᠤᠰᠬᠠᠢ ᠠᠩᠭᠢ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠪᠠᠭ᠎ᠠ ᠲᠣᠭᠤᠷᠢᠭ ᠤᠨ ᠳᠠᠭᠠᠭᠠᠴᠢᠯᠠᠨ ᠬᠤᠯᠪᠣᠭᠠᠯᠠᠬᠤ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠲᠤᠰ ᠲᠤᠰ ᠭᠤᠣᠯ ᠪᠠ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ᠃    ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 10 ᠰᠠᠷ᠎ᠠ ᠶᠢᠨ 16 ᠤ ᠡᠳᠦᠷ ᠪᠡᠭᠡᠵᠢᠩ ᠳᠤ ᠦᠪᠡᠳᠡᠭᠰᠢ ᠶᠡᠭᠡ ᠪᠠᠷ ᠡᠬᠢᠯᠡᠪᠡ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠸᠠᠩ ᠶᠠᠨ ᠪᠥᠸᠧ᠂ ᠪᠤᠭᠤᠬᠵᠢᠯᠲᠤ᠂ ᠴᠧᠨ ᠭᠦᠸᠧ ᠮᠢᠩ᠂ ᠶᠧ ᠪᠢᠨ᠂ ᠨᠢᠩ ᠬᠠᠢ ᠶᠠᠨ᠂ ᠶᠠᠩ ᠪᠦᠦ ᠲᠢᠶᠠᠨ᠂ ᠯᠢᠦ ᡁᠢ ᠹᠧᠩ ᠵᠡᠷᠭᠡ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠰᠢᠶᠠᠨ ᠤ ᠵᠠᠰᠠᠭ ᠤᠨ ᠣᠷᠳᠣᠨ ᠤ ᠳᠥᠷᠪᠡᠳᠦᠭᠡᠷ ᠳᠠᠪᠬᠤᠷᠯᠢᠭ ᠤᠨ ᠬᠠᠷᠠᠭᠠᠨ ᠳᠠᠪᠲᠠᠮᠵᠢ ᠶᠢᠨ ᠬᠤᠷᠠᠯ ᠤᠨ ᠭᠡᠷ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠶᠢᠳᠠᠯ ᠢ ᠲᠥᠪᠯᠡᠷᠡᠭᠦᠯᠦᠨ ᠰᠣᠨᠣᠰᠴᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢ ᠲᠥᠯᠥᠭᠡᠯᠡᠨ ᠨᠠᠮ ᠤᠨ ᠬᠤᠷᠢᠳᠤᠭᠠᠷ ᠶᠡᠭᠡ ᠬᠤᠷᠠᠯ ᠳᠤ ᠬᠢᠭᠰᠡᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠪᠠ᠃   10 ᠰᠠᠷ᠎ᠠ ᠶᠢᠨ 20 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠪᠦᠬᠦ ᠠᠷᠠᠳ ᠤᠨ ᠭᠡᠷ᠎ᠡ ᠶᠢᠨ ᠳᠦᠷᠢᠮᠲᠦ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠶᠢ ᠦᠷᠭᠦᠯᠵᠢᠯᠡᠭᠦᠯᠬᠦ ᠶᠠᠪᠤᠳᠠᠯ᠂ 2022 ᠣᠨ ᠳᠤ ᠡᠷᠦᠬᠡ ᠶᠢᠨ ᠵᠣᠷᠯᠣᠩ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠬᠥᠮᠥᠰ ᠢ ᠰᠢᠯᠵᠢᠭᠦᠯᠬᠦ᠂ ᠣᠨᠳᠣᠣ ᠭᠠᠵᠠᠷ ᠲᠤ ᠨᠡᠭᠦᠯᠭᠡᠭᠰᠡᠨ ᠠᠮᠲᠠᠲᠤ ᠴᠢᠤᠸᠠᠨ ᠪᠠᠭ᠎ᠠ ᠲᠣᠭᠤᠷᠢᠭ ᠤᠨ ᠦᠯᠡᠳᠡᠭᠰᠡᠨ ᠭᠡᠷ ᠬᠥᠷᠥᠩᠭᠡ ᠶᠢ ᠰᠢᠢᠳᠪᠦᠷᠢᠯᠡᠬᠦ᠂ ᠦᠢᠯᠡᠳᠪᠦᠷᠢᠯᠡᠯ ᠢ ᠨᠢ ᠵᠣᠭᠰᠣᠭᠠᠭᠰᠠᠨ ᠲᠠᠪᠤᠨ ᠲᠣᠮᠣ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢ ᠵᠣᠭᠰᠤᠭᠠᠬᠤ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠵᠡᠷᠭᠡ ᠶᠠᠪᠤᠳᠠᠯ ᠢ ᠰᠤᠳᠤᠯᠵᠠᠢ᠃ ︽ᠲᠦᠴᠢᠦᠸᠠᠨ ᠰᠢᠶᠠᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾᠂ ︽ᠲᠦᠴᠢᠦᠸᠠᠨ ᠰᠢᠶᠠᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾᠂ ︽ᠲᠦᠴᠢᠦᠸᠠᠨ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠵᠡᠷᠭᠡ ᠪᠢᠴᠢᠭ ᠮᠠᠲᠧᠷᠢᠶᠠᠯ ᠢ ᠬᠢᠨᠠᠨ ᠵᠥᠪᠯᠡᠪᠡ᠃ 1-9 ᠰᠠᠷ᠎ᠠ ᠳᠤ ᠳᠡᠭᠡᠭᠰᠢ ᠪᠡᠯᠡ ᠮᠥᠩᠭᠦ ᠲᠡᠮᠡᠴᠡᠨ ᠣᠯᠣᠭᠰᠠᠨ ᠪᠠᠶᠢᠳᠠᠯ ᠪᠠ 8-9 ᠰᠠᠷ᠎ᠠ ᠳᠤ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠵᠠᠷᠯᠠᠨ ᠮᠡᠳᠡᠭᠳᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号