ᠵᠠᠰᠠᠭ ᠤᠨ ᠤᠷᠳᠦᠨ ᠤ ᠲᠤᠮᠤ ᠠᠵᠢᠯ ᠶᠠᠪᠤᠳᠡᠯ ᠤᠨ ᠲᠡᠮᠲᠡᠭᠯᠡᠯ ︵2022 ᠤᠨ ᠤ12 ᠰᠠᠷ᠎ᠠ︶
ᠨᠡᠶᠢᠲᠡᠯᠡᠭᠰᠡᠨ ᠴᠠᠭ᠄
2023/2/21
  12 ᠰᠠᠷ᠎ᠠ ᠶᠢᠨ 13 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠲᠦᠴᠢᠦᠸᠠᠨ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ︵2022 ᠣᠨ ᠤ ᠬᠡᠪᠯᠡᠯ︶︾᠂ ︽ᠳᠡᠰ ᠳᠠᠪᠬᠤᠷᠭ᠎ᠠ ᠳᠡᠰ ᠬᠤᠪᠢᠶᠠᠨ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠦᠵᠦᠭᠦᠷ ᠤᠨ ᠬᠦᠴᠦᠯᠡᠬᠦ ᠦᠵᠦᠭᠦᠷ ᠤᠨ ᠦᠷ᠎ᠡ ᠪᠦᠲᠦᠮᠵᠢ ᠣᠯᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ᠂ ︽ᠲᠦᠴᠢᠦᠸᠠᠨ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ︾ ᠶᠢ ᠬᠢᠨᠠᠨ ᠵᠥᠪᠯᠡᠵᠡᠢ᠃ ᠢᠳᠡᠭᠡᠨ ᠤ ᠠᠮᠤᠷ ᠲᠦᠪᠰᠢᠨ ᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠰᠠᠨᠠᠯ︾ ᠢ ᠬᠡᠷᠡᠭᠵᠢᠭᠦᠯᠬᠦ ᠲᠥᠰᠥᠯ︾ ᠳᠤ᠂ ︽ᠲᠥᠷᠥᠯ ᠵᠦᠢᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠮᠡᠳᠡᠭᠳᠡᠯ︾ ᠳᠤ ᠲᠠᠶᠢᠯᠤᠮᠵᠢ ᠬᠢᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠤᠴᠢᠷ ᠶᠠᠪᠤᠳᠠᠯ ᠢ ᠰᠤᠳᠤᠯᠬᠤ ᠶᠢᠨ ᠬᠠᠮᠲᠤ 2023 ᠣᠨ ᠤ ᠭᠤᠣᠯᠳᠠᠯᠭ᠎ᠠ ᠲᠠᠢ ᠠᠵᠢᠯ ᠤᠨ ᠲᠥᠯᠦᠪᠵᠢᠭᠦᠯᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃     12 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠦᠷᠦᠭᠦᠸ ᠪᠦᠯᠦᠭ ᠤᠨ ︽ᠲᠠᠪᠤ ᠶᠢ ᠨᠢᠭᠡᠳᠬᠡᠬᠦ︾ ᠪᠦᠲᠦᠭᠡᠨ ᠪᠠᠶᠢᠭᠤᠯᠤᠯᠲᠠ ᠶᠢᠨ ᠬᠢᠩᠭᠠᠨ ᠠᠶᠢᠮᠠᠭ ᠤᠨ ᠲᠦᠴᠢᠦᠸᠠᠨ ᠰᠢᠶᠠᠨ᠂ ᠵᠠᠯᠠᠶᠢᠳ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠠᠩᠬᠠᠨ ᠤ ᠠᠶᠠᠯᠠᠯ ᠠᠮᠵᠢᠯᠲᠠ ᠲᠠᠢ ᠶᠠᠪᠤᠭᠳᠠᠵᠤ᠂ ᠵᠢᠩᠬᠢᠨᠢ ᠪᠠᠷ ᠠᠶᠠᠯᠠᠯ ᠨᠡᠪᠲᠡᠷᠡᠪᠡ᠃ᠶᠣᠰᠣᠯᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠣᠣ ᠪᠢᠩ ᠲᠦᠴᠢᠦᠸᠠᠨ ᠰᠢᠶᠠᠨ ᠤ ᠭᠤᠣᠯ ᠬᠤᠷᠠᠯ ᠤᠨ ᠲᠠᠯᠠᠪᠠᠶ ᠳᠤ ᠲᠦᠴᠢᠦᠸᠠᠨ ᠰᠢᠶᠠᠨ ᠪᠣᠯᠣᠨ ᠵᠠᠯᠠᠶᠢᠳ ᠬᠤᠰᠢᠭᠤᠨ ᠤ ᠨᠡᠶᠢᠳᠡᠮ ᠬᠡᠷᠡᠭᠯᠡᠭᠡᠨ ᠤ ᠬᠤᠶᠠᠷ ᠨᠢᠰᠬᠡᠯ ᠤᠨ ᠪᠠᠭᠤᠳᠠᠯ ᠵᠢᠩᠬᠢᠨᠢ ᠪᠠᠷ ᠠᠶᠠᠯᠠᠯ ᠨᠡᠪᠲᠡᠷᠡᠭᠰᠡᠨ ᠢ ᠵᠠᠷᠯᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠠᠩᠬᠠᠨ ᠤ ᠠᠶᠠᠯᠠᠯ ᠤᠨ ᠶᠣᠰᠣᠯᠠᠯ ᠢ ᠡᠷᠭᠢᠯᠡᠭᠰᠡᠨ ᠪᠥᠭᠡᠳ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ ᠶᠢᠨ ᠪᠠᠶᠠᠷ ᠤᠨ ᠵᠠᠩ ᠱᠤᠸᠠᠩ ᠴᠧᠩ᠂ ᠸᠠᠩ ᠶᠦᠩ ᠵᠢᠶᠠ ᠵᠡᠷᠭᠡ ᠰᠢᠶᠠᠨ ᠤ ᠤᠳᠤᠷᠢᠳᠤᠯᠭ᠎ᠠ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠣᠨ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠦᠴᠢᠦᠸᠠᠨ ᠰᠢᠶᠠᠨ ᠤ ᠭᠤᠣᠯ ᠬᠤᠷᠠᠯ ᠤᠨ ᠲᠠᠯᠠᠪᠠᠶ ᠳᠤ ᠶᠣᠰᠣᠯᠠᠯ ᠳᠤ ᠣᠷᠣᠯᠴᠠᠪᠠ᠃     12 ᠰᠠᠷ᠎ᠠ ᠶᠢᠨ 27  ᠤ ᠡᠳᠦᠷ᠂ ᠲᠦᠴᠢᠦᠸᠠᠨ ᠰᠢᠶᠠᠨ ᠪᠦᠬᠦ ᠰᠢᠶᠠᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠱᠤᠸᠠᠩ ᠴᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠶᠧ ᠪᠢᠨ ᠬᠤᠷᠠᠯ ᠢ ᠡᠷᠬᠢᠯᠡᠪᠡ᠃ ᠬᠤᠷᠠᠯ ᠠᠴᠠ ︽ᠢᠯᠵᠢᠷᠡᠯ ᠢ ᠡᠰᠡᠷᠭᠦᠴᠡᠬᠦ ᠨᠢ ᠡᠭᠦᠷᠢᠳᠡ ᠵᠣᠭᠰᠣᠰᠢ ᠦᠭᠡᠢ︾ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠪᠠᠷ ᠳᠠᠮᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠮᠡᠳᠡᠭᠳᠡᠵᠦ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠤ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠵᠤ᠂ ᠴᠠᠭ ᠢᠮᠠᠭᠲᠠ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠪᠠᠶᠢᠭᠤᠯᠵᠤ᠂ ᠪᠦᠬᠦ ᠰᠢᠶᠠᠨ ᠤ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠲᠠ ᠦᠭᠡᠢ ᠴᠡᠪᠡᠷᠰᠢᠭᠦᠯᠬᠦ ᠪᠠᠷ ᠰᠡᠷᠡᠮᠵᠢᠯᠡᠭᠦᠯᠦᠨ ᠬᠥᠮᠥᠵᠢᠭᠦᠯᠵᠡᠢ᠃ ᠸᠠᠩ ᠶᠦᠩ ᠵᠢᠶᠠ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠵᠢᠴᠢ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ ᠭᠤᠣᠯ ᠬᠤᠷᠠᠯ ᠤᠨ ᠲᠠᠯᠠᠪᠠᠢ ᠳᠤ ᠣᠷᠣᠯᠴᠠᠵᠤ᠂ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠬᠦ ᠺᠠᠳ᠋ᠷ᠂ ᠨᠢᠭᠡᠳᠦᠭᠡᠷ ᠱᠦᠵᠢ ᠪᠣᠯᠣᠨ ᠲᠣᠰᠬᠤᠨ ᠤ ᠱᠦᠵᠢ ᠶᠢᠨ ᠲᠥᠯᠥᠭᠡᠯᠡᠭᠴᠢ᠂ ᠬᠠᠮᠢᠶ᠎ᠠ ᠪᠦᠬᠦᠢ ᠦᠷᠳᠡᠭᠡ ᠠᠯᠪᠠᠨ ᠭᠡᠷ ᠤᠨ ᠭᠤᠣᠯ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃     12 ᠰᠠᠷ᠎ᠠ ᠶᠢᠨ 27  ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠵᠤ᠂ ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2022 ᠣᠨ ᠤ ᠠᠵᠢᠯ ᠢ ᠡᠷᠭᠢᠴᠡᠭᠦᠯᠦᠨ ᠳ᠋ᠦᠩᠨᠡᠵᠦ᠂ 2023 ᠣᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠡᠵᠡᠮᠳᠡᠨ ᠨᠠᠶᠢᠳᠠᠪᠤᠷᠢᠵᠢᠭᠤᠯᠵᠤ ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠳᠤᠯ ᠦᠭᠡᠢ ᠬᠥᠭᠵᠢᠯᠲᠡ ᠶᠢ ᠦᠷᠭᠦᠯᠵᠢᠯᠡᠨ ᠪᠠᠷᠢᠮᠲᠠᠯᠠᠬᠤ ᠶᠡᠷᠦᠩᠬᠡᠢ ᠱᠠᠭᠠᠷᠳᠠᠯᠭ᠎ᠠ ᠳᠣᠣᠷ᠎ᠠ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠲᠦᠴᠢᠦᠸᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠢ᠃ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠬᠤᠷᠠᠯ ᠡᠷᠭᠢᠯᠡᠪᠡ᠃ ᠸᠠᠩ ᠶᠠᠨ ᠪᠥᠸᠧ᠂ ᠪᠤᠤ ᠬᠦᠭᠵᠢᠯᠲᠦ᠂ ᠸᠠᠩ ᠵᠢᠶᠠ ᠵᠢᠶᠦ᠋ᠨ᠂ ᠴᠧᠨ ᠭᠦᠸᠧ ᠮᠢᠩ᠂ ᠶᠧ ᠪᠢᠨ᠂ ᠹᠠᠩ ᠭᠦᠸᠧ ᠴᠢᠶᠠᠩ᠂ ᠨᠢᠩ ᠬᠠᠢ ᠶᠠᠨ᠂ ᠯᠢᠦ ᡁᠢ ᠹᠧᠩ᠂ ᠰᠦᠨ ᠵᠧᠨ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号