ᠪᠦᠦ ᠵᠢᠩ ᠵᠢᠩ᠄ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠬᠥᠮᠥᠰ ᠤᠨ ᠰᠡᠳᠬᠢᠯ ᠢ ᠭᠡᠷᠡᠯᠳᠦᠬᠦᠯᠵᠦ ᠬᠥᠮᠥᠰ ᠤᠨ ᠰᠡᠳᠬᠢᠯ ᠢ ᠨᠢᠭᠲᠠᠷᠠᠭᠤᠯᠤᠨ᠎ᠠ
ᠨᠡᠶᠢᠲᠡᠯᠡᠭᠰᠡᠨ ᠴᠠᠭ᠄
2023/2/22
   ᠪᠦᠦ ᠵᠢᠩ ᠵᠢᠩ ᠪᠣᠯ ᠲᠦᠴᠢᠦᠸᠠᠨ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠯᠧᠺᠲ᠋ᠣᠷ᠂ ᠡᠭᠦᠳᠦᠨ ᠪᠠᠶᠢᠭᠤᠯᠬᠤ ᠰᠠᠯᠠᠭᠠᠨ ᠤ ᠳᠠᠷᠤᠭ᠎ᠠ ᠪᠣᠯᠣᠨ᠎ᠠ᠃ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠬᠢᠭᠰᠡᠨ 3 ᠵᠢᠯ ᠤᠨ ᠲᠤᠷᠰᠢ᠂ ᠲᠡᠷᠡ ᠨᠠᠮ ᠤᠨ ᠳᠠᠭᠤᠨ ᠢ ᠳᠠᠮᠵᠢᠭᠤᠯᠬᠤ ᠪᠠᠷ ᠡᠭᠦᠷᠭᠡ ᠪᠠᠨ ᠪᠣᠯᠭᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠨᠠᠮ ᠤᠨ ᠤᠨᠤᠯ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠵᠤ᠂ 2022 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ︽ ᠦᠨᠳᠦᠰᠦᠨ ᠱᠠᠲᠤᠨ ᠤ ᠤᠨᠤᠯ ᠢ ᠤᠬᠠᠭᠤᠯᠤᠨ ᠲᠠᠶᠢᠯᠪᠤᠷᠢᠯᠠᠬᠤ ᠲᠡᠷᠢᠭᠦᠨ ᠤ ᠬᠤᠪᠢ ᠬᠥᠮᠥᠨ︾ ᠢ ᠢᠷᠠᠭᠤ ᠠᠯᠳᠠᠷᠲᠠᠢ ᠪᠠᠷ ᠬᠦᠷᠲᠡᠵᠡᠢ᠃
   ᠰᠢᠨ᠎ᠡ ᠵᠢᠯ ᠤᠨ ᠰᠢᠨ᠎ᠡ ᠪᠠᠶᠢᠳᠠᠯ ᠳᠤ᠂ ᠲᠦᠴᠢᠦᠸᠠᠨ ᠰᠢᠶᠠᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠦᠷᠭᠦᠯᠵᠢᠯᠡᠨ ᠣᠷᠭᠢᠯᠤᠨ ᠭᠠᠷᠪᠠ᠃ ᠪᠦᠦ ᠵᠢᠩ ᠵᠢᠩ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠭᠴᠢ ᠪᠣᠯᠤᠭᠰᠠᠨ ᠤ ᠬᠤᠪᠢ ᠳᠤ᠂ ᠡᠨᠡ ᠬᠡᠳᠦᠨ ᠡᠳᠦᠷ ᠪᠦᠬᠦ ᠰᠢᠶᠠᠨ ᠤ ᠡᠯ᠎ᠡ ᠲᠣᠰᠬᠤᠨ ᠨᠡᠶᠢᠭᠡᠮ ᠲᠣᠭᠤᠷᠢᠭ ᠢᠶᠠᠷ ᠶᠠᠪᠤᠵᠤ᠂ ᠥᠷᠭᠡᠨ ᠤᠯᠠᠨ ᠲᠦᠮᠡᠨ ᠳᠤ ᠡᠯᠪᠡᠭ ᠪᠠᠶᠠᠯᠢᠭ ᠤᠶᠤᠨ ᠤ ᠲᠡᠵᠢᠭᠡᠯ ᠬᠦᠷᠭᠡᠪᠡ᠃
   ᠱᠦᠢ ᠴᠢᠤᠸᠠᠨ ᠪᠠᠯᠭᠠᠰᠤ ᠶᠢᠨ ᠾᠧ ᠹᠠ ᠲᠣᠰᠬᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠯᠠᠭ᠎ᠠ ᠶᠢᠨ ᠦᠷᠦᠬᠡ ᠳᠤ᠂ ᠪᠦᠦ ᠵᠢᠩ ᠵᠢᠩ ᠲᠣᠰᠬᠤᠨ ᠤ ᠠᠬ᠎ᠠ ᠳᠡᠭᠦᠦ ᠨᠠᠷ ᠲᠠᠢ ᠲᠣᠭᠤᠷᠢᠨ ᠰᠠᠭᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠲᠠᠢ ᠤᠶᠠᠯᠳᠤᠭᠤᠯᠵᠤ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠲᠣᠰᠬᠤᠨ ᠤ ᠠᠷᠠᠳ ᠲᠠᠢ ᠨᠢᠭᠤᠷᠳᠠᠵᠤ᠂ ᠥᠴᠥᠬᠡᠨ ᠴᠦ ᠵᠠᠶᠢᠲᠠᠢ ᠰᠤᠷᠤᠯᠴᠠᠵᠤ ᠰᠠᠨᠠᠯ ᠢᠶᠠᠨ ᠰᠣᠯᠢᠯᠴᠠᠪᠠ᠃ ᠡᠷᠴᠢ ᠵᠣᠷᠢᠭ ᠢᠶᠠᠨ ᠬᠥᠪᠴᠢᠯᠡᠬᠦ ᠦᠭᠡ ᠶᠠᠷᠢᠶ᠎ᠠ ᠨᠢ ᠺᠠᠳ᠋ᠷ ᠤᠯᠠᠨ ᠲᠦᠮᠡᠨ ᠤ ᠴᠢᠩᠭ᠎ᠠ ᠴᠤᠤᠷᠢᠶ᠎ᠠ ᠶᠢ ᠡᠭᠦᠰᠬᠡᠵᠡᠢ᠃    ᠤᠬᠠᠭᠤᠯᠤᠨ ᠲᠠᠶᠢᠯᠪᠤᠷᠢᠯᠠᠬᠤ ᠶᠢ ᠨᠡᠩ ᠤᠯᠠᠨ ᠲᠦᠮᠡᠨ ᠲᠠᠢ ᠣᠶᠢᠷᠠᠲᠤᠭᠤᠯᠬᠤ ᠶᠢᠨ ᠲᠥᠯᠥᠭᠡ᠂ ᠤᠳᠠᠭ᠎ᠠ ᠪᠣᠯᠭᠠᠨ ᠲᠣᠰᠬᠤᠨ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠳᠤ᠂ ᠪᠦᠦ ᠵᠢᠩ ᠵᠢᠩ ᠶᠡᠷᠦᠨᠢ ᠲᠣᠰᠬᠤᠨ ᠤ ᠠᠷᠠᠳ ᠤᠨ ᠭᠡᠷ ᠲᠤ ᠬᠦᠷᠴᠦ ᠰᠤᠷᠪᠤᠯᠵᠢᠯᠠᠵᠤ᠂ ᠨᠠᠮ ᠪᠣᠯᠣᠨ ᠤᠯᠤᠰ ᠤᠨ ᠰᠠᠶᠢᠨ ᠲᠦᠷᠦ ᠶᠢᠨ ᠪᠣᠳᠣᠯᠭ᠎ᠠ ᠶᠢ ᠤᠬᠠᠭᠤᠯᠬᠤ ᠪᠠᠷ ᠪᠠᠷᠠᠬᠤ ᠦᠭᠡᠢ ᠪᠠᠰᠠ ᠤᠬᠠᠭᠤᠯᠤᠨ ᠲᠠᠶᠢᠯᠪᠤᠷᠢᠯᠠᠬᠤ ᠳᠤ ᠰᠠᠶᠢᠨ ᠦᠯᠢᠭᠡᠷ ᠬᠤᠷᠠᠮᠳᠤᠭᠤᠯᠵᠤ᠂ ᠳᠡᠷᠭᠡᠳᠡᠬᠢ ᠬᠥᠮᠥᠰ ᠤᠨ ᠢᠶᠠᠨ ᠳᠡᠷᠭᠡᠳᠡᠬᠢ ᠶᠠᠪᠤᠳᠠᠯ ᠢ ᠶᠠᠷᠢᠵᠤ᠂ ᠤᠯᠠᠨ ᠲᠦᠮᠡᠨ ᠤ ᠬᠦᠷᠢᠶᠡᠯᠡᠯ ᠢ ᠣᠯᠣᠭᠰᠠᠨ ᠪᠠᠶᠢᠨ᠎ᠠ᠃
  ︽ᠯᠧᠺᠲ᠋ᠣᠷ ᠤᠨ ᠶᠠᠷᠢᠭᠰᠠᠨ ᠨᠢ ᠣᠨᠴᠠᠭᠠᠢ ᠰᠠᠶᠢᠨ᠂ ᠬᠢᠯᠪᠠᠷ ᠣᠶᠢᠯᠠᠭᠠᠮᠵᠢᠲᠠᠢ᠂ ᠤᠯᠠᠨ ᠲᠠᠢ ᠣᠨᠴᠠᠭᠠᠢ ᠣᠶᠢᠷᠠᠲᠤᠯᠴᠠᠭᠰᠠᠨ᠂ ᠪᠢᠳᠡ ᠰᠣᠨᠣᠰᠤᠭᠠᠳ ᠮᠠᠰᠢ ᠤᠷᠮ᠎ᠠ ᠲᠠᠢ ᠪᠣᠯᠪᠠ᠃ ᠪᠢ ᠨᠢᠭᠡᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠤᠯᠠᠨ ᠢ ᠳᠠᠭᠠᠭᠤᠯᠤᠨ ᠬᠠᠮᠲᠤ ᠪᠠᠷ ᠰᠤᠷᠤᠯᠴᠠᠵᠤ᠂ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠳᠤ ᠢᠯᠡᠭᠦᠬᠡᠨ ᠰᠠᠶᠢᠨ ᠶᠠᠪᠤᠳᠠᠯ ᠬᠢᠵᠦ᠂ ᠢᠯᠡᠭᠦᠬᠡᠨ ᠪᠣᠳᠠᠲᠠᠢ ᠶᠠᠪᠤᠳᠠᠯ ᠬᠢᠵᠦ ᠥᠭᠭᠦᠨ᠎ᠡ︾ ᠭᠡᠵᠦ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠤ ᠨᠠᠮ ᠤᠨ ᠭᠡᠰᠢᠭᠦᠨ ᠠᠢ ᠶᠦᠨ ᡁᠢ ᠬᠡᠯᠡᠪᠡ᠃    ᠣᠶᠢᠷ᠎ᠠ ᠶᠢᠨ ᠵᠢᠯ ᠠᠴᠠ᠂ ᠪᠦᠦ ᠵᠢᠩ ᠵᠢᠩ ᠲᠦᠴᠢᠦᠸᠠᠨ ᠰᠢᠶᠠᠨ ᠤ ᠡᠯ᠎ᠡ ᠭᠠᠵᠠᠷ ᠢᠶᠠᠷ ᠭᠦᠨᠵᠡᠭᠡᠶᠢᠷᠡᠵᠦ᠂ ᠠᠶᠢᠯ ᠲᠣᠰᠬᠤᠨ ᠳᠤ ᠤᠬᠠᠭᠤᠯᠤᠨ ᠲᠠᠶᠢᠯᠪᠤᠷᠢᠯᠠᠬᠤ ᠳᠠᠭᠠᠨ ᠲᠡᠷᠡ ᠶᠡᠷᠦᠨᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠬᠢᠴᠢᠶᠡᠯ ᠰᠣᠨᠣᠰᠤᠭᠴᠢᠳ ᠲᠤ ᠣᠶᠢᠯᠠᠭᠠᠬᠤ ᠳᠤ ᠬᠢᠯᠪᠡᠷ ᠪᠠᠶᠢᠳᠠᠭ᠃ ᠤᠨᠤᠯ ᠢ ᠪᠣᠳᠠᠲᠠᠢ ᠲᠠᠢ ᠤᠶᠠᠯᠳᠤᠭᠤᠯᠤᠨ᠂ ᠬᠢᠴᠢᠶᠡᠯ ᠰᠣᠨᠣᠰᠬᠤ ᠡᠲᠡᠭᠡᠳ ᠢᠶᠠᠨ ᠵᠠᠳᠠᠯᠤᠨ ᠰᠢᠨᠵᠢᠯᠡᠵᠦ᠂ ᠠᠪᠢᠶᠠᠰ ᠲᠤᠨᠢ ᠲᠣᠬᠢᠷᠠᠭᠤᠯᠤᠨ ᠵᠢᠭᠠᠵᠤ᠂ ᠬᠥᠮᠥᠨ ᠳᠤᠨᠢ ᠲᠣᠬᠢᠷᠠᠭᠤᠯᠤᠨ ᠵᠢᠭᠠᠪᠠᠯ ᠲᠡᠷᠡ ᠪᠠᠰᠠ ᠠᠳᠠᠯᠢ ᠪᠤᠰᠤ ᠬᠡᠳᠦᠨ ︽ᠬᠡᠪᠯᠡᠯ︾ ᠢ ᠬᠡᠯᠡᠵᠦ ᠭᠠᠷᠭᠠᠵᠤ ᠴᠢᠳᠠᠨ᠎ᠠ᠃
   ᠨᠡᠶᠢᠭᠡᠮ ᠲᠣᠭᠤᠷᠢᠭ ᠲᠤ ᠤᠬᠠᠭᠤᠯᠤᠨ ᠲᠠᠶᠢᠯᠪᠤᠷᠢᠯᠠᠬᠤ ᠳᠠᠭᠠᠨ ᠣᠯᠠᠩᠬᠢ ᠨᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠣᠯᠣᠨ ᠬᠠᠷᠢᠶ᠎ᠠ ᠨᠢᠭᠡᠴᠡ ᠶᠢᠨ ᠲᠥᠯᠥᠭᠡᠯᠡᠭᠴᠢ᠂ ᠰᠠᠭᠤᠭᠠᠯᠢ ᠠᠷᠠᠳ ᠤᠨ ᠲᠥᠯᠥᠭᠡᠯᠡᠭᠴᠢ ᠳᠤ ᠬᠠᠨᠳᠤᠵᠤ ᠪᠠᠶᠢᠨ᠎ᠠ᠃ ᠲᠡᠷᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠢᠴᠢ ᠦᠨᠳᠦᠰᠦᠨ ᠱᠠᠲᠤᠨ ᠤ ᠵᠠᠰᠠᠯᠲᠠ ᠶᠢᠨ ᠴᠢᠬᠤᠯᠠ ᠴᠢᠨᠠᠷ ᠢ ᠤᠬᠠᠭᠤᠯᠤᠨ ᠲᠠᠶᠢᠯᠪᠤᠷᠢᠯᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠥᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ ᠰᠢᠯᠵᠢᠭᠦᠯᠬᠦ ᠶᠢ ᠠᠬᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠵᠠᠰᠠᠯᠲᠠ ᠪᠣᠯᠣᠨ ᠨᠡᠶᠢᠭᠡᠮ ᠤᠨ ᠵᠣᠬᠢᠴᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠶᠢᠨ ᠦᠢᠯᠡᠳᠦᠯᠴᠡᠯ ᠢ ᠪᠡᠶᠡᠯᠡᠭᠦᠯᠬᠦ ᠬᠡᠷᠡᠭᠲᠡᠢ ᠭᠡᠵᠦ ᠤᠬᠠᠭᠤᠯᠪᠠ᠃    ᠬᠤ᠋ ᠰᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠰᠦᠨ ᠴᠧᠩ ᠱᠠᠨ ᠪᠦᠦ ᠵᠢᠩ ᠵᠢᠩ ᠢ ᠬᠠᠷᠠᠭᠠᠳ ᠪᠠᠶᠠᠷᠲᠠᠢ ᠪᠠᠷ᠄ ︽ᠵᠢᠩ ᠵᠢᠩ ᠤᠯᠠᠨ ᠤᠳᠠᠭ᠎ᠠ ᠢᠷᠡᠵᠦ ᠥᠩᠭᠡᠷᠡᠭᠰᠡᠨ᠂ ᠤᠳᠠᠭ᠎ᠠ ᠪᠣᠯᠭᠠᠨ ᠪᠢᠳᠡᠨ ᠳᠤ ᠮᠡᠳᠡᠯᠭᠡ ᠬᠦᠷᠭᠡᠳᠡᠭ᠂ ᠦᠭᠡ ᠶᠠᠷᠢᠬᠤ ᠳᠠᠭᠠᠨ ᠬᠡᠵᠢᠶᠡᠳᠡ ᠪᠢᠳᠡᠨ ᠤ ᠰᠡᠳᠬᠢᠯ ᠤᠨ ᠦᠭᠡ ᠶᠢ ᠶᠠᠷᠢᠳᠠᠭ᠃ ᠪᠢᠳᠡ ᠪᠦᠷ ᠰᠣᠨᠣᠰᠬᠤ ᠳᠤᠷᠠᠲᠠᠢ᠂ ᠲᠡᠷᠡ ᠪᠠᠰᠠ ᠪᠢᠳᠡᠨ ᠠᠴᠠ ᠰᠠᠶᠢᠨ ᠰᠠᠨᠠᠭᠤᠯᠭ᠎ᠠ ᠪᠠ ᠰᠠᠨᠠᠯ ᠪᠠᠶᠢᠬᠤ ᠡᠰᠡᠬᠦ ᠶᠢ ᠪᠦᠷ ᠲᠡᠭᠦᠨ ᠲᠠᠢ ᠶᠠᠷᠢᠯᠴᠠᠵᠤ ᠪᠣᠯᠣᠨ᠎ᠠ᠂ ᠪᠢᠳᠡ ᠲᠡᠭᠦᠨ ᠢ ᠦᠵᠡᠮᠡᠭᠴᠡ ᠭᠡᠷ ᠤᠨ ᠬᠥᠮᠥᠰ ᠲᠠᠢ ᠪᠠᠨ ᠠᠳᠠᠯᠢᠬᠠᠨ ᠶᠠᠷᠢᠳᠠᠭ︾ ᠭᠡᠵᠦ ᠠᠰᠠᠭᠤᠳᠠᠭ᠃   ᠦᠢᠯᠡᠳᠦᠯᠭᠡ ᠪᠣᠯ ᠬᠠᠮᠤᠭ ᠤᠨ ᠰᠠᠶᠢᠨ ᠳᠠᠪᠲᠠᠯᠲᠠ ᠮᠥᠨ᠃ ᠤᠳᠠᠭ᠎ᠠ ᠪᠦᠷᠢ ᠶᠢᠨ ᠤᠬᠠᠭᠤᠯᠤᠨ ᠲᠠᠶᠢᠯᠪᠤᠷᠢᠯᠠᠬᠤ ᠠᠴᠠ ᠡᠮᠦᠨ᠎ᠡ᠂ ᠪᠦᠦ ᠵᠢᠩ ᠵᠢᠩ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢᠨ ᠮᠠᠲᠧᠷᠢᠶᠠᠯ ᠢ ᠥᠷᠭᠡᠨ ᠢᠶᠠᠷ ᠴᠤᠭᠯᠠᠭᠤᠯᠵᠤ᠂ ᠶᠠᠷᠢᠭᠰᠠᠨ ᠰᠡᠳᠦᠪ ᠤᠨ ᠢᠶᠠᠨ ᠮᠥᠨ ᠴᠢᠨᠠᠷ ᠤᠨ ᠤᠬᠢ ᠰᠣᠳᠣ ᠶᠢ ᠴᠢᠷᠮᠠᠶᠢᠨ ᠣᠶᠢᠯᠠᠭᠠᠬᠤ ᠶᠢᠨ ᠬᠠᠮᠲᠤ ᠥᠪᠡᠷ ᠤᠨ ᠠᠵᠢᠯ ᠤᠨ ᠲᠤᠷᠰᠢᠯᠭ᠎ᠠ ᠪᠣᠯᠣᠨ ᠠᠵᠢᠯ ᠤᠨ ᠪᠣᠳᠠᠲᠤ ᠵᠢᠱᠢᠶ᠎ᠡ ᠲᠠᠢ ᠪᠠᠨ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠤᠬᠠᠭᠤᠯᠤᠨ ᠲᠠᠶᠢᠯᠪᠤᠷᠢᠯᠠᠬᠤ ᠵᠢᠷᠤᠭ ᠲᠥᠯᠥᠪᠯᠡᠭᠡ ᠬᠢᠵᠦ᠂ ᠨᠠᠷᠢᠨ ᠨᠢᠭᠲᠠ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠪᠢᠴᠢᠳᠡᠭ᠃ ᠵᠠᠯᠭᠠᠭ᠎ᠠ ᠵᠠᠯᠭᠠᠭ᠎ᠠ ᠪᠠᠷ ᠭᠠᠷᠴᠤ ᠪᠠᠶᠢᠭ᠎ᠠ ᠰᠢᠨ᠎ᠡ ᠮᠡᠳᠡᠯᠭᠡ᠂ ᠰᠢᠨ᠎ᠡ ᠬᠡᠷᠡᠭ ᠪᠣᠳᠠᠰ᠂ ᠰᠢᠨ᠎ᠡ ᠪᠠᠶᠢᠳᠠᠯ ᠤᠨ ᠡᠮᠦᠨ᠎ᠡ᠂ ᠪᠦᠦ ᠵᠢᠩ ᠵᠢᠩ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠴᠠᠭᠠᠷᠠᠭᠰᠠᠨ ᠴᠢᠳᠠᠪᠤᠷᠢ ᠶᠢ ᠡᠭᠦᠳᠴᠦ᠂ ᠦᠨᠳᠦᠰᠦᠨ ᠱᠠᠲᠤᠨ ᠤ ᠤᠨᠤᠯ ᠤᠨ ᠤᠬᠠᠭᠤᠯᠤᠭᠴᠢ ᠪᠣᠯᠬᠤ ᠡᠭᠦᠷᠭᠡ ᠪᠠᠨ ᠬᠥᠰᠡᠷᠳᠡᠭᠦᠯᠬᠦ ᠦᠭᠡᠢ ᠶᠤᠮ᠃    ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠪᠣᠯᠤᠭᠰᠠᠨ ᠤ ᠬᠤᠪᠢ ᠳᠤ᠂ ᠢᠷᠡᠭᠡᠳᠦᠢ ᠳᠤ ᠪᠢ ᠬᠠᠷᠢᠭᠤᠴᠠᠯᠭ᠎ᠠ ᠡᠭᠦᠷᠭᠡᠯᠡᠬᠦ ᠦᠭᠡᠢ ᠪᠠᠶᠢᠬᠤ ᠪᠠ ᠡᠭᠦᠷᠭᠡ ᠬᠠᠷᠢᠭᠤᠴᠠᠯᠭ᠎ᠠ ᠶᠢᠨ ᠬᠦᠨᠳᠦ ᠨᠠᠶᠢᠳᠠᠯᠭ᠎ᠠ ᠪᠠᠷ ᠨᠠᠮ ᠤᠨ ᠳᠠᠭᠤᠨ ᠢ ᠰᠠᠶᠢᠲᠤᠷ ᠳᠠᠮᠵᠢᠭᠤᠯᠵᠤ᠂ ᠰᠠᠶᠢᠲᠤᠷ ᠣᠶᠢᠯᠠᠭᠠᠵᠤ᠂ ᠰᠠᠶᠢᠲᠤᠷ ᠣᠶᠢᠯᠠᠭᠠᠵᠤ᠂ ᠨᠠᠮ ᠤᠨ ᠭᠡᠰᠢᠭᠦᠨ ᠤᠯᠠᠨ ᠲᠦᠮᠡᠨ ᠤ ᠬᠠᠷᠠᠭᠠᠰᠤ᠂ ᠤᠯᠠᠨ ᠲᠦᠮᠡᠨ ᠲᠠᠢ ᠣᠶᠢᠷᠠᠲᠤᠭᠰᠠᠨ ᠦᠭᠡ ᠬᠡᠯᠡ᠂ ᠦᠯᠢᠭᠡᠷ ᠶᠠᠷᠢᠬᠤ ᠬᠡᠯᠪᠡᠷᠢ ᠪᠠᠷ ᠤᠯᠠᠨ ᠲᠦᠮᠡᠨ ᠲᠠᠢ ᠨᠢᠭᠤᠷᠳᠠᠨ ᠰᠣᠯᠢᠯᠴᠠᠬᠤ ᠶᠢ ᠨᠡᠩ ᠢᠯᠡᠭᠦᠦ ᠴᠢᠬᠤᠯᠠᠴᠢᠯᠠᠵᠤ᠂ ᠲᠠᠰᠤᠷᠠᠯᠳᠠ ᠦᠭᠡᠢ ᠰᠤᠷᠤᠯᠴᠠᠬᠤ ᠪᠠᠷ ᠲᠠᠮᠵᠢᠨ ᠥᠪᠡᠷ ᠤᠨ ᠤᠯᠤᠰ ᠲᠦᠷᠦ ᠶᠢᠨ ᠥᠨᠳᠥᠷᠴᠡ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠲᠠᠢ ᠣᠶᠢᠷᠠᠲᠤᠵᠤ᠂ ᠤᠬᠠᠭᠤᠯᠤᠨ ᠲᠠᠶᠢᠯᠪᠤᠷᠢᠯᠠᠬᠤ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠤᠨ᠎ᠠ︾ ᠭᠡᠵᠦ ᠪᠦᠦ ᠵᠢᠩ ᠵᠢᠩ ᠡᠷᠡᠰ ᠴᠢᠩᠭ᠎ᠠ ᠪᠠᠷ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号