ᠬᠢᠩᠭᠠᠨ ᠠᠶᠢᠮᠠᠭ ᠤᠨ ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠠᠬᠢᠭᠤᠯᠬᠤ ᠬᠤᠷᠠᠯ ᠲᠦᠴᠢᠦᠸᠠᠨ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/3/14
   3 ᠳ᠋ᠤᠭᠠᠷ ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠠᠬᠢᠭᠤᠯᠬᠤ ᠬᠤᠷᠠᠯ ᠲᠦᠴᠢᠦᠸᠠᠨ ᠰᠢᠶᠠᠨ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠯᠢᠦ ᠵᠢᠶᠦ᠋ᠨ ᠴᠢᠩ᠂ ᠳᠡᠳ᠋ ᠲᠡᠷᠢᠭᠦᠯᠡᠭᠴᠢ ᠵᠢᠷᠭᠠᠯ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠯᠢ ᠼᠦᠨ ᠴᠢ ᠵᠢᠴᠢ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠶᠢᠨ ᠬᠥᠯ ᠪᠥᠮᠪᠦᠭᠡ ᠶᠢᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠤ ᠣᠷᠣᠯᠴᠠᠭᠰᠠᠳ ᠤᠷᠢᠳ ᠬᠤᠵᠢᠳ ᠲᠦᠷᠦᠯᠵᠢ ᠪᠠᠯᠭᠠᠰᠤ ᠶᠢᠨ ᠪᠦᠦ ᠠᠨ ᠲᠣᠰᠬᠤᠨ᠂ ᠱᠦᠢ ᠴᠢᠤᠸᠠᠨ ᠪᠠᠯᠭᠠᠰᠤ ᠶᠢᠨ ᠯᠦᠩ ᠱᠧᠩ ᠲᠣᠰᠬᠤᠨ᠂ ᠰᠠᠶᠢᠨᠬᠤᠸᠠᠷ ᠬᠦᠷᠢᠶᠡᠯᠡᠩ ᠲᠣᠭᠤᠷᠢᠭ᠂ ᠰᠢᠶᠠᠨ ᠤ ᠪᠡᠶ᠎ᠡ ᠲᠠᠮᠢᠷ ᠤᠨ ᠴᠡᠴᠡᠷᠯᠢᠭ᠂ ᠰᠣᠶᠣᠯ ᠪᠡᠶ᠎ᠡ ᠶᠢᠨ ᠲᠠᠮᠢᠷ ᠤᠨ ᠲᠥᠪ ᠵᠡᠷᠭᠡ ᠭᠠᠵᠠᠷ ᠲᠤ ᠬᠦᠷᠴᠦ᠂ ᠲᠦᠴᠢᠦᠸᠠᠨ ᠰᠢᠶᠠᠨ ᠤ ᠬᠥᠯ ᠪᠥᠮᠪᠦᠭᠡ ᠶᠢᠨ ᠲᠠᠯᠠᠪᠤᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠦᠭᠰᠡᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃    ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠦᠴᠢᠦᠸᠠᠨ ᠰᠢᠶᠠᠨ ᠤ ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠦᠭᠰᠡᠨ ᠲᠤᠷᠰᠢᠯᠭ᠎ᠠ ᠪᠠ ᠡᠯ᠎ᠡ ᠬᠤᠰᠢᠭᠤ ᠰᠢᠶᠠᠨ ᠬᠤᠲᠠ ᠶᠢᠨ ᠬᠥᠯ ᠪᠥᠮᠪᠦᠭᠡ ᠶᠢᠨ ᠨᠡᠶᠢᠭᠡᠮᠯᠢᠭ ᠤᠨ 2023 ᠣᠨ ᠤ ᠠᠵᠢᠯ ᠤᠨ ᠲᠥᠯᠥᠪᠯᠡᠭᠡ ᠶᠢ ᠲᠣᠰ ᠲᠣᠰ ᠰᠣᠨᠣᠰᠪᠠ᠃    ᠯᠢᠦ ᠵᠢᠶᠦ᠋ᠨ ᠴᠢᠩ ᠶᠠᠷᠢᠶᠠᠨ ᠳᠠᠭᠠᠨ ᠲᠦᠴᠢᠦᠸᠠᠨ ᠰᠢᠶᠠᠨ ᠤ ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠭᠦᠢᠴᠡᠳ ᠨᠤᠲᠠᠯᠠᠵᠤ᠂ ᠲᠦᠴᠢᠦᠸᠠᠨ ᠰᠢᠶᠠᠨ ᠤ ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠬᠥᠳᠡᠯᠭᠡᠭᠡᠨ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠤᠨ ᠬᠢᠯᠠᠰ ᠴᠡᠭ ᠲᠣᠪᠣᠶᠢᠮ᠎ᠠ᠂ ᠦᠷ᠎ᠡ ᠪᠦᠲᠦᠮᠵᠢ ᠢᠯᠡᠳᠲᠡ ᠪᠠᠶᠢᠵᠤ᠂ ᠢᠯᠠᠩᠭᠤᠶ᠎ᠠ ᠨᠡᠶᠢᠭᠡᠮᠯᠢᠭ ᠤᠨ ᠪᠠᠶᠢᠭᠤᠯᠤᠯᠲᠠ᠂ ᠲᠠᠯᠠᠪᠠᠢ ᠶᠢᠨ ᠪᠠᠶᠢᠭᠤᠯᠤᠯᠲᠠ᠂ ᠬᠦᠳᠡᠯᠭᠡᠭᠡᠨ ᠤᠷᠤᠯᠳᠤᠭᠠᠨ ᠤ ᠶᠠᠪᠤᠳᠠᠯ ᠡᠷᠬᠢᠯᠡᠬᠦ᠂ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠲᠤᠷᠰᠢᠯᠭ᠎ᠠ᠂ ᠠᠷᠭ᠎ᠠ ᠬᠢᠳᠡᠯ ᠢ ᠰᠤᠷᠤᠯᠴᠠᠨ ᠲᠣᠯᠢᠳᠠᠵᠤ ᠪᠣᠯᠣᠨ᠎ᠠ ᠭᠡᠵᠦ ᠦᠵᠡᠪᠡ᠃ ᠣᠳᠣᠬᠠᠨ ᠳᠤ᠂ ᠬᠢᠩᠭᠠᠨ ᠠᠶᠢᠮᠠᠭ ᠤᠨ ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠦᠢᠯᠡᠰ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠨᠢᠭᠡᠨᠲᠡ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ  ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ  ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠥᠯ ᠪᠥᠮᠪᠦᠭᠡ ᠶᠢᠨ ᠤᠷᠤᠯᠳᠤᠭᠠᠨ ᠤ ᠰᠢᠰᠲ᠋ᠧᠮ ᠤᠨ ᠪᠠᠶᠢᠭᠤᠯᠤᠯᠲᠠ  ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠳᠡᠯᠭᠡᠭᠡᠨ ᠤ ᠦᠨᠳᠦᠰᠦᠨ ᠴᠢᠳᠠᠪᠤᠷᠢ ᠶᠢ ᠰᠠᠶᠢᠲᠤᠷ ᠪᠣᠯᠪᠠᠰᠤᠷᠠᠭᠤᠯᠵᠤ᠂ ᠬᠥᠯ ᠪᠥᠮᠪᠦᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠤᠨ᠂ ᠵᠠᠷᠤᠳᠠᠯ ᠤᠨ ᠪᠠᠲᠤᠯᠠᠭ᠎ᠠ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ ᠲᠦᠭᠡᠮᠡᠯᠵᠢᠭᠦᠯᠬᠦ ᠠᠵᠢᠯ ᠢ ᠥᠷᠨᠢᠭᠦᠯᠦᠨ᠂ ᠪᠥᠬᠦ ᠣᠷᠣᠨ ᠳᠤ ︽ᠳᠠᠭᠠᠭᠤᠯᠤᠭᠴᠢ︾ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂  ᠦᠨᠡᠨᠬᠦ ᠠᠳᠬᠤᠵᠤ ᠪᠤᠳᠠᠳᠠᠢ ᠪᠠᠷ ᠠᠵᠢᠯᠯᠠᠨ᠂ ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号