ᠴᠤᠭ ᠵᠢᠪᠬᠤᠭ᠎ᠠ ᠪᠠᠨ ᠪᠠᠳᠠᠷᠠᠭᠤᠯᠤᠨ ᠦᠰᠦᠨ ᠪᠤᠶᠢᠵᠢᠯᠳᠠ ᠶᠢ ᠠᠬᠢᠭᠤᠯᠤᠨ᠎ᠠ ︱ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠰᠤᠷᠭᠠᠭᠤᠯᠢ ᠶᠢᠨ ᠲᠡᠰ ᠤᠨ ᠢᠯᠡ ᠬᠢᠴᠢᠶᠡᠯ ᠤᠨ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2023/3/14
   ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠵᠢᠭᠠᠨ ᠰᠤᠷᠭᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠡᠵᠡᠮᠳᠡᠬᠦ ᠦᠨᠳᠦᠰᠦᠨ ᠴᠢᠳᠠᠪᠤᠷᠢ ᠶᠢ ᠪᠠᠲᠤᠳᠬᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠰᠤᠷᠭᠠᠭᠤᠯᠢ ᠶᠢᠨ ᠲᠠᠰ ᠤᠨ ᠢᠯᠡ ᠬᠢᠴᠢᠶᠡᠯ ᠤᠨ ᠬᠦᠳᠡᠯᠭᠡᠭᠡᠨ ᠥᠷᠨᠢᠭᠦᠯᠪᠡ᠃    ᠲᠣᠰ ᠤᠳᠠᠭᠠᠨ ᠤ ᠬᠦᠳᠡᠯᠭᠡᠭᠡᠨ ᠪᠣᠯ ᠲᠣᠰ ᠰᠤᠷᠤᠯᠭ᠎ᠠ ᠶᠢᠨ ᠬᠤᠭᠤᠴᠠᠭᠠᠨ ᠤ ᠵᠢᠭᠠᠨ ᠰᠤᠷᠭᠠᠯᠲᠠ ᠶᠢᠨ ᠠᠵᠢᠯ ᠤᠨ ᠲᠥᠯᠥᠪᠯᠡᠭᠡ᠂ ᠳᠡᠭᠡᠷ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠬᠤ ᠬᠡᠯᠪᠡᠷᠢ ᠶᠢᠨ ᠬᠢᠴᠢᠶᠡᠯ ᠰᠣᠨᠣᠰᠬᠤ ᠪᠠ ᠵᠢᠭᠠᠨ ᠰᠤᠳᠤᠯᠬᠤ ᠳᠤᠭᠤᠶᠢᠯᠠᠩ ᠤᠨ ᠳᠠᠷᠤᠭ᠎ᠠ ᠶᠢᠨ ᠲᠠᠨᠢᠯᠴᠠᠭᠤᠯᠭ᠎ᠠ ᠶᠢ ᠦᠨᠳᠦᠰᠦᠯᠡᠨ᠂ ᠰᠠᠷ᠎ᠠ ᠪᠦᠷᠢ ᠨᠢᠭᠡ ᠠᠴᠠ ᠬᠤᠶᠠᠷ ᠪᠠᠭᠰᠢ ᠶᠢ ᠰᠢᠯᠢᠨ ᠰᠣᠩᠭᠤᠵᠤ ᠰᠤᠷᠭᠠᠭᠤᠯᠢ ᠶᠢᠨ ᠲᠠᠰ ᠤᠨ ᠢᠯᠡ ᠬᠢᠴᠢᠶᠡᠯ ᠤᠨ ᠦᠵᠡᠭᠦᠯᠦᠯᠭᠡ ᠬᠢᠯᠭᠡᠨ᠎ᠡ᠃    ᠲᠤᠰ ᠤᠳᠠᠭ᠎ᠠ ᠬᠡᠯᠡ ᠪᠢᠴᠢᠭ ᠤᠨ ᠳᠤᠭᠤᠶᠢᠯᠠᠩ ᠤᠨ ᠪᠠᠭᠰᠢ ᠴᠢ ᠮᠢᠨ ᠳᠡᠯᠭᠡᠨ ᠦᠵᠡᠭᠦᠯᠵᠡᠢ᠃ ᠴᠢ ᠮᠢᠨ ᠪᠠᠭᠰᠢ ᠭᠤᠸ᠎ᠠ ᠲᠠᠭᠠᠰᠢᠶᠠᠯ ᠢ ᠰᠣᠨᠢᠷᠬᠠᠬᠤ ᠪᠠᠷ ᠤᠳᠤᠷᠢᠳᠤᠮᠵᠢ ᠪᠣᠯᠭᠠᠨ ᠬᠢᠴᠢᠶᠡᠯ ᠤᠨ ᠲᠠᠩᠬᠢᠮ ᠳᠤ ᠲᠥᠯᠥᠪᠯᠡᠭᠡ ᠬᠢᠵᠦ᠂ ︽ᠯᠢᠩᠬᠤ᠎ᠠ ᠶᠢᠨ ᠨᠠᠭᠤᠷ ᠤᠨ ᠰᠠᠷᠠᠨ ᠤ ᠥᠩᠭᠡ︾ ᠭᠡᠬᠦ ᠨᠠᠶᠢᠷᠠᠭᠤᠯᠤᠯ ᠢᠶᠠᠷ ᠳᠠᠮᠵᠢᠭᠤᠯᠤᠨ ᠰᠤᠷᠤᠭᠴᠢᠳ ᠲᠤ ᠦᠭᠡ ᠬᠡᠯᠡᠨ ᠤ ᠭᠤᠸ᠎ᠠ ᠲᠠᠭᠠᠰᠢᠶᠠᠯ᠂ ᠰᠡᠳᠬᠢᠯᠭᠡ ᠶᠢᠨ ᠭᠤᠸ᠎ᠠ ᠲᠠᠭᠠᠰᠢᠶᠠᠯ᠂ ᠰᠣᠶᠣᠯ ᠤᠨ ᠭᠤᠸ᠎ᠠ ᠲᠠᠭᠠᠰᠢᠶᠠᠯ ᠵᠡᠷᠭᠡ ᠭᠤᠸ᠎ᠠ ᠲᠠᠭᠠᠰᠢᠶᠠᠯ ᠤᠨ ᠲᠤᠰᠬᠠᠯ ᠦᠭᠴᠦ᠂ ᠰᠤᠷᠤᠭᠴᠢᠳ ᠤᠨ ᠭᠤᠸ᠎ᠠ ᠲᠠᠭᠠᠰᠢᠶᠠᠯ ᠤᠨ ᠣᠶᠢᠯᠠᠭᠠᠯᠲᠠ   ᠶᠢ ᠪᠠᠶᠠᠯᠢᠭᠵᠢᠭᠤᠯᠤᠨ᠂ ᠭᠤᠸ᠎ᠠ ᠲᠠᠭᠠᠰᠢᠶᠠᠯ ᠤᠨ ᠬᠥᠭ ᠠᠶᠠᠰ ᠢ ᠳᠡᠭᠡᠭᠰᠢᠯᠡᠭᠦᠯᠵᠦ ᠂ ᠰᠣᠶᠣᠯ ᠤᠨ ᠠᠭᠤᠯᠬᠤᠨ ᠢ ᠬᠤᠷᠠᠮᠳᠤᠭᠤᠯᠵᠠᠢ᠃ ᠬᠠᠮᠤᠭ ᠰᠡᠭᠦᠯ ᠳᠤ ᠬᠢᠴᠢᠶᠡᠯ ᠤᠨ ᠲᠠᠩᠬᠢᠮ ᠤᠨ ᠵᠢᠵᠢᠭ ᠪᠢᠷ ᠤᠨ ᠪᠣᠯᠪᠠᠰᠤᠷᠠᠯ ᠢ ︽ᠭᠤᠸ᠎ᠠ ᠲᠠᠭᠠᠰᠢᠶᠠᠯ ᠤᠨ ᠰᠣᠨᠢᠷᠬᠠᠬᠤ ᠪᠠ ᠡᠭᠦᠳᠦᠨ ᠪᠦᠲᠦᠭᠡᠬᠦ︾ ᠭᠡᠬᠦ ᠭᠤᠣᠯ ᠣᠶᠢᠯᠠᠭᠠᠭᠳᠠᠬᠤᠨ ᠳᠤ ᠰᠠᠭᠤᠷᠢᠯᠠᠨ ᠲᠥᠯᠥᠪᠯᠡᠭᠰᠡᠨ ᠨᠢ ᠲᠧᠺᠰᠲ ᠤᠨ ᠰᠠᠨᠠᠭ᠎ᠠ ᠵᠣᠷᠢᠯᠲᠠ ᠳᠤ ᠨᠡᠶᠢᠴᠡᠬᠦ ᠪᠠᠷ ᠪᠠᠷᠠᠬᠤ ᠦᠭᠡᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠭᠤᠸ᠎ᠠ ᠲᠠᠭᠠᠰᠢᠶᠠᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠱᠠᠭᠠᠷᠳᠠᠯᠭ᠎ᠠ ᠳᠤ ᠴᠤ ᠨᠡᠶᠢᠴᠡᠨ᠎ᠡ᠃    ᠶᠡᠷᠦ ᠶᠢᠨ ᠦᠭᠡᠨ ᠳᠤ ︽ᠭᠤᠷᠪᠠᠨ ᠬᠤᠪᠢ ᠶᠢᠨ ᠬᠢᠴᠢᠶᠡᠯ ᠲᠤᠯᠤᠭᠠᠨ ᠬᠤᠪᠢ ᠶᠢᠨ ᠦᠨᠡᠯᠡᠯᠲᠡ︾ ᠭᠡᠳᠡᠭ ᠪᠠᠷ ᠂ ᠯᠢᠦᠢ ᠴᠢᠶᠠᠨ ᠴᠢᠶᠠᠨ ᠳᠡᠳ᠋ ᠵᠠᠬᠢᠷᠤᠯ ᠤᠨ ᠳᠠᠭᠠᠭᠤᠯᠭ᠎ᠠ ᠳᠣᠣᠷ᠎ᠠ᠂ ᠡᠯ᠎ᠡ ᠵᠢᠭᠠᠨ ᠰᠤᠳᠤᠯᠬᠤ ᠳᠤᠭᠤᠶᠢᠯᠠᠩ ᠤᠨ ᠳᠠᠷᠤᠭ᠎ᠠ᠂ ᠬᠡᠯᠡ ᠪᠢᠴᠢᠭ ᠤᠨ ᠳᠤᠭᠤᠶᠢᠯᠠᠩ ᠤᠨ ᠪᠥᠬᠦ ᠪᠠᠭᠰᠢ ᠨᠠᠷ ᠬᠢᠴᠢᠶᠡᠯ ᠢ ᠰᠤᠨᠤᠰᠤᠨ ᠦᠨᠡᠯᠡᠯᠳᠡ ᠬᠢᠵᠤ᠂  ᠪᠠᠭᠰᠢ ᠨᠠᠷ ᠥᠪᠡᠷ ᠥᠪᠡᠷ ᠤᠨ ᠰᠠᠨᠠᠯ ᠢᠶᠠᠨ ᠶᠠᠷᠢᠵᠤ᠂ ᠲᠥᠷᠥᠭᠳᠡᠯ ᠢᠶᠠᠨ ᠶᠠᠷᠢᠵᠤ᠂ ᠰᠠᠨᠠᠭᠤᠯᠭ᠎ᠠ ᠳᠤᠷᠠᠳᠤᠨ᠂ ᠭᠦᠨᠵᠡᠭᠡᠢ ᠰᠤᠳᠤᠯᠤᠨ ᠶᠠᠷᠢᠯᠴᠠᠵᠠᠢ᠃   ᠬᠠᠮᠤᠭ ᠰᠡᠭᠦᠯ ᠳᠤ᠂ ᠰᠤᠷᠭᠠᠭᠤᠯᠢ ᠶᠢᠨ ᠵᠠᠬᠢᠷᠤᠯ ᠯᠦ ᠬᠤᠶ ᠠᠴᠠ ᠲᠣᠰ ᠬᠢᠴᠢᠶᠡᠯ ᠢ ᠨᠤᠲᠠᠯᠠᠵᠤ᠂ ᠪᠠᠭᠰᠢ ᠨᠢᠭᠡᠪᠦᠷᠢ ᠶᠢ ᠢᠯᠡᠭᠦᠦ ᠰᠣᠨᠣᠰᠴᠤ᠂ ᠢᠯᠡᠭᠦᠦ ᠦᠨᠡᠯᠡᠵᠦ᠂ ᠢᠯᠡᠭᠦᠦ ᠰᠤᠳᠤᠯᠬᠤ ᠶᠢ ᠵᠣᠷᠢᠭᠵᠢᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号