ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠥᠴᠢᠨ ᠬᠤᠶᠠᠳᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/15
   3 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠥᠴᠢᠨ ᠬᠤᠶᠠᠳᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ᠂ ᠣᠷᠣᠨ᠂ ᠠᠶᠢᠮᠠᠭ ᠤᠨ ᠦᠨᠳᠦᠰᠦᠲᠡᠨ ᠤ ᠠᠵᠢᠯ ᠤᠨ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽2023 ᠣᠨ ᠤ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠢᠨᠠᠨ ᠰᠢᠯᠭᠠᠬᠤ ᠠᠵᠢᠯ ᠤᠨ ᠲᠤᠬᠠᠢ ᠰᠠᠨᠠᠯ︾ ᠢ ᠲᠣᠭᠲᠠᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ︽ᠲᠠᠪᠤᠨ ᠶᠡᠭᠡ ᠡᠭᠦᠷᠭᠡ︾ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ᠂ ︽ᠲᠠᠪᠤᠨ ᠶᠡᠭᠡ ᠡᠭᠦᠷᠭᠡ︾᠂ ᠣᠨ ᠤ ᠬᠢᠨᠠᠨ ᠰᠢᠯᠭᠠᠯᠲᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠥᠬᠦ ᠤᠯᠤᠰ᠂ ᠪᠥᠬᠦ ᠣᠷᠣᠨ ᠤ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾ ︽ᠳᠥᠷᠪᠡᠨ ᠬᠠᠮᠲᠤ ᠪᠠᠷ ᠣᠷᠣᠰᠢᠬᠤ︾ ᠪᠠ ︽ᠲᠠᠪᠤ ᠶᠢ ᠮᠡᠳᠡᠷᠡᠬᠦ︾ ᠶᠢ ᠭᠦᠨᠵᠡᠭᠡᠢ ᠣᠶᠢᠯᠠᠭᠠᠨ ᠲᠠᠨᠢᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠪᠥᠬᠦ ᠰᠢᠶᠠᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢ ᠬᠥᠲᠥᠯᠥᠨ ᠵᠢᠯᠤᠭᠤᠳᠴᠤ᠂ ᠳᠠᠶᠢᠴᠢᠯᠠᠵᠤ᠂ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃   ᠬᠤᠷᠠᠯ ᠠᠴᠠ ᠴᠢᠬᠤᠯᠠᠴᠢᠯᠠᠭᠰᠠᠨ ᠨᠢ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ᠂ ᠬᠤᠳᠠᠯᠳᠤᠭ᠎ᠠ ᠴᠤᠤ᠂ ᠨᠡᠶᠢᠭᠡᠮ ᠲᠣᠭᠤᠷᠢᠭ ᠵᠡᠷᠭᠡ ᠬᠥᠮᠥᠨ ᠤᠯᠠᠨ ᠴᠤᠭᠯᠠᠷᠠᠭᠰᠠᠨ ᠭᠠᠵᠠᠷ ᠵᠢᠴᠢ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ︽ᠮᠢᠨ᠎ᠠ ᠠᠷᠢᠯᠭᠠᠬᠤ ᠮᠢᠨ᠎ᠠ ᠭᠠᠳᠠᠭᠰᠢᠯᠠᠭᠤᠯᠬᠤ︾ ᠶᠡᠭᠡ ᠪᠠᠶᠢᠴᠠᠭᠠᠯᠲᠠ ᠶᠢᠨ ᠲᠤᠰᠬᠠᠢ ᠠᠵᠢᠯᠯᠠᠭ᠎ᠠ ᠶᠢ ᠦᠷᠭᠦᠯᠵᠢᠯᠡᠨ ᠪᠦᠬᠦ ᠲᠠᠯ᠎ᠠ ᠪᠠᠷ ᠥᠷᠨᠢᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠠᠭᠤᠯᠤᠭᠳᠠᠬᠤᠨ ᠴᠢᠬᠤᠯᠠ ᠠᠭᠤᠯᠭ᠎ᠠ ᠶᠢ ᠭᠦᠨᠵᠡᠭᠡᠢ ᠲᠠᠨᠢᠵᠤ᠂ ᠲᠠᠪᠤᠨ ᠶᠡᠭᠡ ᠡᠭᠦᠷᠭᠡ ᠶᠢ ᠠᠮᠵᠢᠯᠲᠠ ᠲᠠᠢ ᠪᠡᠶᠡᠯᠡᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠷᠮᠠᠶᠢᠬᠤ ᠴᠢᠭᠯᠡᠯ ᠪᠠ ᠬᠦᠴᠦᠯᠡᠬᠦ ᠭᠤᠣᠯᠳᠠᠯᠭ᠎ᠠ ᠪᠣᠯᠭᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠠᠵᠢᠯᠯᠠᠭ᠎ᠠ ᠪᠠᠨ ᠨᠢᠭᠡᠳᠬᠡᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠬᠤ ᠶᠢᠨ ᠬᠠᠮᠲᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠴᠢᠩᠳᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ︽ᠲᠦᠴᠢᠦᠸᠠᠨ ᠤ ᠬᠠᠷᠢᠭᠤᠴᠠᠯᠭ᠎ᠠ︾ ᠶᠢ ᠢᠯᠡᠷᠡᠭᠦᠯᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号