ᠲᠦᠴᠢᠦᠸᠠᠨ ᠰᠢᠶᠠᠨ ᠤ ᠬᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠥᠮᠦᠵᠢᠯ ᠢ ᠴᠢᠩᠭᠠᠳᠬᠠᠵᠤ ᠥᠨᠳᠥᠷ ᠬᠡᠪ ᠪᠣᠯᠪᠠᠰᠤᠷᠠᠯ ᠲᠠᠢ ᠤᠷ᠎ᠠ ᠴᠢᠳᠠᠪᠦᠷᠢᠳᠠᠢ ᠴᠢᠳᠠᠪᠦᠷᠢᠳᠠᠨ ᠢ ᠬᠦᠮᠦᠵᠢᠭᠦᠯᠦᠨ᠎ᠡ
ᠨᠡᠶᠢᠲᠡᠯᠡᠭᠰᠡᠨ ᠴᠠᠭ᠄
2023/3/2
   ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠣ᠋ ᠰᠢᠨ᠎ᠡ ᠣᠶᠢᠯᠠᠭᠠᠭᠳᠠᠬᠤᠨ ᠢ ᠨᠡᠩ ᠰᠠᠶᠢᠲᠤᠷ ᠪᠠᠷᠢᠮᠲᠠᠯᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢᠶᠠᠨ ᠰᠢᠯᠢᠳᠡᠭᠵᠢᠭᠦᠯᠦᠨ ᠲᠠᠬᠢᠨ ᠵᠣᠬᠢᠶᠠᠨ ᠪᠠᠶᠢᠭᠤᠯᠵᠤ᠂ ᠵᠢᠭᠠᠨ ᠰᠤᠷᠭᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠰᠢᠯᠢᠳᠡᠭ ᠢ ᠬᠥᠮᠥᠵᠢᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠶᠠᠨ ᠤ ᠬᠡᠪᠴᠢᠶᠡᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠷᠭᠡᠨ ᠪᠥᠭᠡᠳ ᠰᠠᠶᠢᠨ ᠬᠥᠭᠵᠢᠯᠲᠡ ᠶᠢ ᠠᠬᠢᠭᠤᠯᠤᠨ᠎ᠠ᠃
   ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠴᠠᠬᠢᠯᠭᠠᠨ ᠭᠠᠩᠨᠠᠭᠤᠷ ᠤᠨ ᠲᠠᠰᠤᠭ ᠲᠤ᠂ ᠨᠣᠮᠣᠨ ᠭᠡᠷᠡᠯ ᠭᠢᠯᠠᠯᠵᠠᠵᠤ᠂ ᠭᠠᠩᠨᠠᠭᠤᠷ ᠤᠨ ᠬᠤᠸᠠᠷ ᠦᠰᠦᠷᠴᠦ᠂ ᠪᠠᠭᠰᠢ ᠠᠴᠠ ᠶᠠᠭ ᠦᠢᠯᠡᠳᠪᠦᠷᠢ ᠶᠢᠨ ᠲᠠᠰᠤᠭ ᠲᠤ ᠴᠠᠬᠢᠯᠭᠠᠨ ᠭᠠᠩᠨᠠᠭᠤᠷ ᠤᠨ ᠬᠢᠴᠢᠶᠡᠯ ᠤᠨ ᠵᠢᠭᠠᠨ ᠰᠤᠷᠭᠠᠯᠲᠠ ᠬᠢᠵᠦ᠂ ᠬᠠᠮᠲᠤ ᠰᠤᠷᠤᠭᠴᠢᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠪᠦᠬᠦ ᠰᠡᠳᠬᠢᠯ ᠢᠶᠠᠷ ᠢᠶᠠᠨ ᠬᠢᠴᠢᠶᠡᠯ ᠤᠨ ᠰᠤᠷᠤᠯᠴᠠᠯᠭ᠎ᠠ ᠳᠤ ᠤᠷᠤᠯᠴᠠᠨ᠎ᠠ᠃ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠰᠣᠷᠣᠭᠴᠢ ᠭᠤᠸ ᠪᠥᠸᠧ ᠪᠣᠯ ᠲᠡᠭᠦᠨ ᠤ ᠳᠣᠲᠣᠷᠠᠬᠢ ᠨᠢᠭᠡ ᠭᠡᠰᠢᠭᠦᠨ ᠮᠥᠨ᠂ ᠡᠯᠪᠡᠭ ᠪᠠᠶᠠᠯᠢᠭ ᠲᠤᠰᠬᠠᠢ ᠮᠡᠷᠭᠡᠵᠢᠯ ᠤᠨ ᠬᠢᠴᠢᠶᠡᠯ ᠨᠢ ᠲᠡᠭᠦᠨ ᠤ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠵᠡᠢ᠃
   ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠵᠢᠷᠭᠤᠳᠤᠭᠠᠷ ᠠᠩᠭᠢ ᠶᠢᠨ ᠰᠤᠷᠤᠭᠴᠢ ᠭᠤᠤ ᠪᠥᠸᠧ᠄ ︽ᠪᠢ ᠪᠣᠯ ᠮᠠᠰᠢᠨ ᠲᠡᠷᠭᠡ ᠰᠡᠯᠪᠢᠨ ᠵᠠᠰᠠᠬᠤ ᠲᠤᠰᠬᠠᠢ ᠮᠡᠷᠭᠡᠵᠢᠯ ᠤᠨ ᠥᠨᠳᠥᠷ ᠳᠤᠮᠳᠠᠳᠤ ᠶᠢᠨ ᠨᠢᠭᠡᠳᠦᠭᠡᠷ ᠣᠨ ᠠᠴᠠ ᠢᠷᠡᠭᠰᠡᠨ ᠰᠤᠷᠤᠭᠴᠢ᠂ ᠣᠬᠤᠷᠬᠠᠨ ᠬᠠᠭᠠᠰ ᠵᠢᠯ ᠤᠨ ᠬᠤᠭᠤᠴᠠᠭᠠᠨ ᠳᠤ᠂ ᠪᠢ ᠦᠨᠳᠦᠰᠦᠨ ᠵᠢᠷᠤᠭ ᠤᠨ ᠪᠦᠲᠦᠴᠡ ᠪᠠ ᠬᠥᠳᠡᠯᠭᠡᠭᠦᠷ ᠤᠨ ᠪᠦᠲᠦᠴᠡ ᠶᠢ ᠰᠤᠷᠴᠠᠢ᠂ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠬᠢᠴᠢᠶᠡᠯ ᠮᠠᠰᠢ ᠪᠠᠶᠠᠯᠢᠭ᠂ ᠪᠢᠳᠡᠨ ᠤ ᠭᠠᠷ ᠬᠥᠳᠡᠯᠬᠦ ᠴᠢᠳᠠᠪᠤᠷᠢ ᠶᠢ ᠪᠣᠯᠪᠠᠰᠤᠷᠠᠭᠤᠯᠵᠤ᠂ ᠪᠢᠳᠡᠨ ᠤ ᠬᠤᠵᠢᠮ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠣᠷᠣᠬᠤ ᠳᠤ ᠮᠠᠰᠢ ᠰᠠᠶᠢᠨ ᠰᠠᠭᠤᠷᠢ ᠲᠠᠯᠪᠢᠵᠤ ᠥᠭᠭᠦᠨ᠎ᠡ︾ ᠭᠡᠵᠦ ᠬᠡᠯᠡᠪᠡ᠃    ᠡᠭᠦᠨ ᠤ ᠬᠠᠮᠲᠤ᠂ ᠮᠠᠰᠢᠨ ᠲᠡᠷᠭᠡᠨ ᠤ ᠪᠣᠳᠠᠲᠠᠢ ᠪᠣᠯᠪᠠᠰᠤᠷᠠᠯ ᠤᠨ ᠰᠠᠭᠤᠷᠢᠨ ᠭᠠᠵᠠᠷ ᠲᠤ᠂ 2011 ᠣᠨ ᠳᠤ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠯᠢ ᠪᠦᠦ ᠺᠦᠨ ᠤᠳᠤ ᠨᠢᠭᠡᠨᠲᠡ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠶᠢ ᠪᠡᠶᠡᠯᠡᠭᠦᠯᠵᠦ᠂ ᠤᠳᠤ ᠡᠬᠡ ᠰᠤᠷᠭᠠᠭᠤᠯᠢ ᠳᠠᠭᠠᠨ ᠬᠠᠷᠢᠵᠤ ᠮᠠᠰᠢᠨ ᠲᠡᠷᠭᠡ ᠶᠢ ᠰᠢᠯᠭᠠᠨ ᠪᠠᠶᠢᠴᠠᠭᠠᠬᠤ ᠪᠠ ᠰᠡᠯᠪᠢᠨ ᠵᠠᠰᠠᠬᠤ ᠲᠤᠰᠬᠠᠢ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠤᠨ ᠪᠠᠭᠰᠢ ᠪᠣᠯᠵᠤ᠂ ᠰᠤᠷᠤᠭᠴᠢᠳ ᠲᠤ ᠮᠠᠰᠢᠨ ᠲᠡᠷᠭᠡᠨ ᠤ ᠬᠥᠳᠡᠯᠭᠡᠭᠦᠷ ᠤᠨ ᠦᠨᠳᠦᠰᠦᠨ ᠪᠦᠲᠦᠴᠡ᠂ ᠠᠵᠢᠯ ᠤᠨ ᠤᠭ ᠶᠣᠰᠣ᠂ ᠪᠠᠶᠢᠩᠭᠤ ᠬᠡᠷᠡᠭᠯᠡᠭᠳᠡᠬᠦ ᠲᠦᠷᠦᠯ ᠠᠩᠭᠢᠯᠠᠯ᠂ ᠭᠤᠣᠯ ᠬᠡᠷᠡᠭᠯᠡᠭᠡᠨ ᠤ ᠠᠭᠤᠯᠭ᠎ᠠ ᠵᠡᠷᠭᠡ ᠠᠭᠤᠯᠭ᠎ᠠ ᠶᠢ ᠲᠠᠶᠢᠯᠪᠤᠷᠢᠯᠠᠨ ᠥᠭᠴᠦ᠂ ᠰᠤᠷᠤᠭᠴᠢᠳ ᠲᠤ ᠨᠡᠩ ᠰᠢᠭᠤᠳ ᠣᠶᠢᠯᠠᠭᠠᠯᠲᠠ ᠲᠠᠢ ᠪᠣᠯᠵᠠᠢ᠃
   ︽ᠪᠢ ᠥᠪᠡᠷ ᠤᠨ ᠪᠣᠳᠠᠲᠤ ᠲᠤᠷᠰᠢᠯᠭ᠎ᠠ ᠪᠠᠨ ᠰᠤᠷᠭᠠᠭᠤᠯᠢ ᠳᠤ ᠠᠪᠴᠢᠷᠠᠵᠤ᠂ ᠰᠤᠷᠭᠠᠭᠤᠯᠢ ᠶᠢᠨ ᠤᠨᠤᠯ ᠤᠨ ᠮᠡᠳᠡᠯᠭᠡ ᠲᠠᠢ ᠤᠶᠠᠯᠳᠤᠭᠤᠯᠵᠤ᠂ ᠰᠤᠷᠤᠭᠴᠢᠳ ᠤᠨ ᠤᠷ᠎ᠠ ᠴᠢᠳᠠᠪᠤᠷᠢ ᠶᠢ  ᠳᠡᠭᠡᠭᠰᠢᠯᠡᠭᠦᠯᠵᠦ᠂ ᠠᠵᠢᠯ ᠣᠯᠬᠤ ᠪᠠ ᠠᠳᠠᠯ ᠦᠢᠯᠡᠰ ᠪᠣᠰᠬᠠᠬᠤ ᠳᠤᠨᠢ ᠨᠡᠩ  ᠰᠠᠶᠢᠨ ᠬᠠᠪᠰᠤᠷᠤᠯᠭ᠎ᠠ ᠪᠤᠯᠤᠨ᠎ᠠ︾᠃ ᠭᠡᠵᠦ ᠯᠢ ᠪᠦᠦ ᠺᠦᠨ ᠬᠡᠯᠡᠪᠡ᠃
   ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠢ 1984 ᠣᠨ ᠳᠤ ᠪᠠᠶᠢᠭᠤᠯᠤᠭᠳᠠᠵᠤ᠂ ᠣᠳᠣᠬᠠᠨ ᠳᠤ ᠭᠠᠩᠨᠠᠬᠤ ᠮᠡᠷᠭᠡᠵᠢᠯ ᠪᠠ ᠠᠦ᠋ᠲ᠋ᠣᠴᠢᠯᠠᠯᠲᠠ᠂ ᠮᠠᠰᠢᠨ ᠴᠠᠬᠢᠯᠭᠠᠨ ᠤ ᠮᠡᠷᠭᠡᠵᠢᠯ ᠤᠨ ᠬᠡᠷᠡᠭᠯᠡᠭᠡ᠂ ᠨᠢᠯᠬ᠎ᠠ ᠬᠡᠦᠬᠡᠳ ᠢ ᠠᠰᠠᠷᠠᠬᠤ᠂ ᠰᠤᠪᠢᠯᠠᠬᠤ᠂ ᠮᠠᠰᠢᠨ ᠲᠡᠷᠭᠡ ᠶᠢ ᠰᠢᠯᠭᠠᠨ ᠪᠠᠶᠢᠴᠠᠭᠠᠬᠤ ᠪᠠ ᠰᠡᠯᠪᠢᠨ ᠵᠠᠰᠠᠬᠤ᠂ ᠺᠣᠮᠫᠢᠦ᠋ᠲ᠋ᠧᠷ ᠤᠨ ᠬᠡᠷᠡᠭᠯᠡᠭᠡ᠂ ᠵᠢᠭᠤᠯᠴᠢᠯᠠᠯ ᠤᠨ ᠦᠢᠯᠡᠴᠢᠯᠡᠭᠡ ᠪᠠ ᠬᠠᠮᠢᠶᠠᠷᠤᠯᠲᠠ᠂ ᠬᠤᠪᠴᠠᠰᠤ ᠬᠤᠨᠠᠷ ᠵᠢᠷᠤᠵᠤ ᠲᠥᠯᠥᠪᠯᠡᠬᠦ ᠪᠠ ᠦᠢᠯᠡᠳᠪᠦᠷᠢᠯᠡᠬᠦ᠂ ᠳᠠᠭᠤᠤ ᠬᠥᠭᠵᠢᠮ ᠤᠨ ᠲᠣᠭᠯᠠᠯᠲᠠ᠂ ᠤᠷᠠᠨ ᠵᠢᠷᠤᠭ ᠵᠡᠷᠭᠡ ᠠᠷᠪᠠᠨ ᠲᠤᠰᠬᠠᠢ ᠮᠡᠷᠭᠡᠵᠢᠯ ᠲᠠᠢ ᠪᠥᠭᠡᠳ ᠪᠠᠰᠠ ︽ᠲᠠᠩᠰᠤᠭ ᠰᠠᠶᠢᠬᠠᠨ ᠭᠠᠷᠠᠭ ᠤᠨ ᠭᠤᠷᠪᠠᠨ︾ ᠤ ᠨᠡᠶᠢᠭᠡᠮ ᠤᠨ ᠪᠦᠯᠬᠦᠮ ᠤᠨ  ᠬᠦᠳᠡᠯᠭᠡᠭᠡᠨ ᠢ ᠲᠣᠬᠢᠷᠠᠭᠤᠯᠵᠤ᠂ ᠰᠤᠷᠤᠭᠴᠢᠳ ᠢ ᠬᠦᠳᠡᠯᠭᠡᠭᠡᠨ ᠤ ᠳᠤᠮᠳᠠ ᠴᠢᠳᠠᠪᠤᠷᠢ ᠶᠢ ᠨᠢ ᠪᠣᠯᠪᠠᠰᠤᠷᠠᠭᠤᠯᠵᠤ᠂ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠦᠨ᠎ᠡ᠃
   ︽ᠬᠢᠩᠭᠠᠨ ᠠᠶᠢᠮᠠᠭ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠨᠢᠭᠡ ᠴᠣᠭᠴᠠᠵᠢᠭᠤᠯᠤᠨ ᠬᠥᠮᠥᠵᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠢᠳᠡ ᠴᠢᠳᠠᠪᠤᠷᠢᠲᠠᠨ ᠢ ᠬᠥᠮᠥᠵᠢᠭᠦᠯᠬᠦ᠂ ᠤᠷ᠎ᠠ ᠮᠡᠷᠭᠡᠵᠢᠯ ᠤᠨ ᠤᠷᠤᠯᠳᠤᠭᠠᠨ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠠᠢ ᠭᠦᠨᠵᠡᠭᠡᠢ ᠬᠠᠮᠲᠤᠷᠠᠨ ᠠᠵᠢᠯᠯᠠᠵᠤ᠂ ᠡᠶᠢᠮᠦᠷᠬᠦ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠨᠢᠭᠡ ᠴᠣᠭᠴᠠᠵᠢᠭᠤᠯᠤᠨ ᠬᠥᠮᠥᠵᠢᠭᠦᠯᠬᠦ ᠵᠠᠭᠪᠤᠷ ᠢᠶᠠᠷ ᠳᠠᠮᠵᠢᠭᠤᠯᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠮᠠᠨ ᠤ ᠲᠦᠴᠢᠦᠸᠠᠨ ᠰᠢᠶᠠᠨ ᠤ ᠬᠠᠨᠤᠮᠵᠢᠲᠠᠶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠡᠷᠬᠢᠯᠡᠨ᠎ᠡ︾ ᠭᠡᠵᠦ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠡᠳ᠋ ᠵᠠᠬᠢᠷᠤᠯ ᠴᠧᠨ ᠭᠤᠸᠠᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号