ᠲᠦᠴᠢᠦᠸᠠᠨ ᠨᠢᠭᠡᠳᠦᠭᠡᠷ ᠳᠤᠮᠳᠠᠳᠤ ᠰᠤᠷᠭᠠᠭᠤᠯᠢ ︽ᠬᠢᠩᠭᠠᠨ ᠠᠶᠢᠮᠠᠭ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠰᠤᠳᠤᠯᠤᠨ ᠶᠠᠷᠢᠯᠴᠠᠬᠤ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/20
   ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠴᠢᠨᠠᠭᠰᠢᠳᠠ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 16  ᠤ ᠦᠳᠡ ᠶᠢᠨ ᠡᠮᠦᠨ᠎ᠡ᠂ ᠲᠦᠴᠢᠦᠸᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠦᠬᠦ ᠪᠠᠭ ᠤᠨ ᠪᠦᠷᠢᠯᠳᠦᠭᠦᠨ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠭ᠎ᠠ ᠬᠤᠷᠠᠯ ᠤᠨ ᠭᠡᠷ ᠲᠤ ᠴᠤᠭᠯᠠᠷᠠᠵᠤ᠂ ᠬᠢᠩᠭᠠᠨ ᠠᠶᠢᠮᠠᠭ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠬᠠᠮᠲᠤᠪᠠᠷ ᠰᠤᠷᠤᠯᠴᠠᠪᠠ᠃ ᠬᠤᠷᠠᠯ ᠳᠡᠭᠡᠷ᠎ᠡ᠂ ᠤᠯᠠᠨ ᠢᠶᠠᠷ ᠢᠶᠠᠨ ᠾᠧᠪᠧᠢ ᠶᠢᠨ ᠾᠧᠩᠱᠦᠢ ᠠᠷᠪᠠᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠣᠨ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠪᠠ᠃ ᠭᠤᠷᠪᠠᠨ ᠵᠦᠢᠯ ᠤᠨ ᠤᠬᠠᠮᠰᠠᠷ᠄ ᠬᠦᠷᠳᠦᠨ ᠤ ᠤᠬᠠᠮᠰᠠᠷ᠂   ᠲᠠᠪᠠᠭ᠋ᠤ ᠤᠬᠠᠮᠰᠠᠷ᠂ ᠰᠤᠷᠤᠭᠴᠢ ᠪᠠᠷ ᠦᠨᠳᠦᠰᠦ ᠪᠤᠯᠭᠠᠬᠤ ᠤᠬᠠᠮᠰᠠᠷ︔ ᠭᠤᠷᠪᠠᠨ ᠵᠦᠢᠯ ᠤᠨ ᠬᠠᠮᠢᠶᠠᠷᠤᠯᠲᠠ᠄ ᠡᠩ ᠤᠨ ᠬᠠᠮᠢᠶᠠᠷᠤᠯᠲᠠ᠂ ᠤᠷᠮᠠᠰᠢᠭᠤᠯᠬᠤ ᠳᠦᠷᠢᠮ᠂ ᠬᠥᠮᠦᠯᠢᠭ ᠬᠠᠯᠠᠮᠵᠢᠯᠠᠯ᠃ ᠬᠥᠮᠥᠰ ᠲᠤ ᠭᠦᠨ ᠰᠠᠭᠤᠭᠳᠠᠯ ᠦᠯᠡᠳᠡᠭᠡᠵᠡᠢ᠃ ᠬᠤᠷᠠᠯ ᠳᠤ ᠣᠷᠣᠯᠴᠠᠭᠰᠠᠨ ᠪᠦᠬᠦ ᠤᠳᠤᠷᠢᠳᠤᠯᠭ᠎ᠠ ᠰᠤᠷᠤᠯᠴᠠᠬᠤ ᠶᠢᠨ ᠳᠠᠭᠠᠤ ᠰᠡᠳᠬᠢᠵᠦ᠂ ᠰᠣᠨᠣᠰᠬᠤ ᠶᠢᠨ ᠳᠠᠭᠠᠤ ᠰᠤᠳᠤᠯᠵᠤ᠂ ᠰᠡᠳᠬᠢᠬᠦᠢ ᠪᠠᠨ ᠲᠠᠰᠤᠷᠠᠯᠲᠠ ᠦᠭᠡᠢ ᠮᠥᠷᠭᠦᠯᠳᠦᠭᠦᠯᠦᠨ ᠤᠶᠤᠨ ᠪᠢᠯᠢᠭ ᠤᠨ ᠣᠴᠢ ᠶᠢ ᠬᠥᠭᠵᠢᠭᠡᠵᠦ᠂ ᠰᠤᠷᠭᠠᠨ ᠬᠥᠮᠦᠵᠢᠯ ᠤᠨ ᠦᠪᠡᠳᠡᠭᠰᠢ ᠳᠠᠶᠢᠯᠠᠯᠭ᠎ᠠ ᠶᠢ ᠬᠠᠮᠲᠤᠪᠠᠷ ᠡᠳ᠋ᠯᠡᠪᠡ᠃    ᠳᠠᠷᠠᠭ᠎ᠠ ᠪᠠᠷ ᠨᠢ᠂ ᠯᠢᠦ ᠬᠤᠩ ᠰᠥᠩ ᠵᠠᠬᠢᠷᠤᠯ ᠠᠴᠠ ᠵᠠᠩ ᠵᠥᠩ ᠴᠦᠨ ᠲᠣᠪᠴᠢᠶᠠᠨ ᠳᠠᠷᠤᠭ᠎ᠠ ᠶᠢᠨ ᠶᠠᠷᠢᠶᠠᠨ ᠤ ᠵᠣᠷᠢᠭ ᠰᠠᠨᠠᠭ᠎ᠠ ᠪᠣᠯᠣᠨ ᠰᠤᠳᠤᠯᠤᠨ ᠶᠠᠷᠢᠯᠴᠠᠬᠤ ᠬᠤᠷᠠᠯ ᠤᠨ ᠰᠤᠷᠤᠯᠴᠠᠭᠰᠠᠨ ᠲᠥᠷᠥᠭᠳᠡᠯ ᠲᠠᠢ ᠤᠶᠠᠯᠳᠤᠭᠤᠯᠤᠨ᠂ ᠰᠤᠷᠭᠠᠭᠤᠯᠢ ᠶᠢᠨ ᠲᠠᠷᠠᠭᠠᠴᠢ ᠶᠢᠨ ᠠᠯᠬᠤᠮ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠲᠤᠬᠠᠢ ᠬᠡᠳᠦᠨ ᠱᠠᠭᠠᠷᠳᠠᠯᠭ᠎ᠠ ᠳᠤᠷᠠᠳᠪᠠ᠄    ᠨᠢᠭᠡ ᠳᠤ᠂ ᠬᠠᠷᠠᠯᠲᠠ ᠪᠠᠨ ᠨᠠᠷᠢᠨ ᠬᠢᠨᠠᠮᠠᠭᠠᠢ ᠲᠥᠯᠥᠪᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠬᠠᠷᠠᠯᠲᠠ ᠶᠢ ᠲᠥᠯᠥᠪᠵᠢᠭᠦᠯᠬᠦ ᠳᠤ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠬᠤ ᠬᠡᠷᠡᠭᠲᠡᠢ︔ ᠪᠠᠰᠠ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂  ᠲᠡᠭᠡᠭᠡᠰᠢ ᠦᠰᠦᠷᠴᠦ ᠲᠤᠭᠤᠷ ᠲᠡᠭᠦᠬᠦ ᠡᠷᠡᠰ ᠵᠣᠷᠢᠭ ᠢᠶᠠᠷ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠴᠢᠨᠠᠷ ᠰᠠᠶᠢᠲᠠᠢ᠂ ᠥᠨᠳᠥᠷ ᠬᠡᠪ ᠳᠠᠭᠤᠷᠢᠶᠠᠯ ᠢᠶᠠᠷ ᠨᠠᠶᠢᠳᠠᠪᠤᠷᠢᠵᠢᠭᠤᠯᠬᠤ ᠬᠡᠷᠡᠭᠲᠡᠢ᠃    ᠬᠤᠶᠠᠷ ᠲᠤ᠂ ᠠᠵᠢᠯ ᠤᠨ ᠲᠥᠯᠥᠪᠯᠡᠭᠡ ᠲᠣᠭᠲᠠᠭᠠᠬᠤ ᠬᠡᠷᠡᠭᠲᠡᠢ᠃ ᠠᠵᠢᠯ ᠤᠨ ᠠᠭᠤᠯᠭ᠎ᠠ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠬᠢᠴᠢᠶᠡᠯ ᠤᠨ ᠪᠠᠶᠢᠭᠤᠯᠤᠯᠲᠠ᠂ ᠲᠠᠪᠤᠨ ᠬᠥᠮᠦᠵᠢᠯ ᠢ ᠠᠭᠤᠰᠤᠯᠴᠠᠭᠤᠯᠬᠤ᠂ ᠶᠣᠰᠣ ᠰᠤᠷᠲᠠᠬᠤᠨ ᠤ ᠬᠥᠮᠦᠵᠢᠯ ᠤᠨ ᠠᠮᠤᠷ ᠲᠦᠪᠰᠢᠨ᠂ ᠡᠩᠨᠡᠭᠡ ᠶᠢᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠵᠡᠷᠭᠡ ᠲᠠᠯ᠎ᠠ ᠶᠢᠨ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠵᠤ᠂ ᠲᠣᠭᠲᠠᠭᠰᠠᠨ ᠬᠠᠷᠠᠯᠲᠠ ᠡᠭᠦᠷᠭᠡ ᠶᠢ ᠦᠨᠳᠦᠰᠦᠯᠡᠨ ᠲᠦᠷᠭᠡᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃    ᠭᠤᠷᠪᠠ ᠳᠤ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠬᠤ ᠬᠡᠷᠡᠭᠲᠡᠢ᠃ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠲᠤᠪᠤᠶᠢᠯᠭᠠᠵᠦ᠂ ᠵᠢᠭᠠᠨ ᠰᠤᠷᠭᠠᠯᠲᠠ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠨᠡᠶᠢᠭᠡᠮ ᠤᠨ ᠬᠡᠷᠡᠭᠴᠡᠭᠡ ᠶᠢ ᠬᠠᠩᠭᠠᠭᠰᠠᠨ ᠰᠢᠨᠵᠢᠯᠡᠬᠦ ᠤᠬᠠᠭᠠᠨᠴᠢ ᠦᠨᠡᠯᠡᠯᠲᠡ ᠶᠢᠨ ᠰᠢᠰᠲ᠋ᠧᠮ ᠢ ᠪᠦᠷᠢᠨ ᠪᠠᠶᠢᠭᠤᠯᠬᠤ ᠬᠡᠷᠡᠭᠲᠡᠢ︔ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠬᠦᠷᠳᠦᠨ ᠤ ᠤᠬᠠᠮᠰᠠᠷ︾᠂ ︽ᠳᠠᠪᠠᠭᠰᠠᠨ ᠤᠬᠠᠮᠰᠠᠷ︾᠂ ︽ᠰᠤᠷᠤᠭᠴᠢ ᠪᠠᠷ ᠦᠨᠳᠦᠰᠦ ᠪᠤᠯᠭᠠᠬᠤ ᠤᠬᠠᠮᠰᠠᠷ︾ ᠢ ᠴᠢᠩᠭᠠᠳᠬᠠᠵᠤ᠂ ᠰᠤᠷᠤᠯᠴᠠᠬᠤ ᠮᠠᠶ᠋ᠢᠭ ᠤᠨ᠂ ᠤᠷᠤᠭᠰᠢᠯᠠᠨ ᠳᠠᠪᠰᠢᠬᠤ ᠮᠠᠶ᠋ᠢᠭ ᠤᠨ᠂ ᠳᠠᠪᠠᠭᠰᠠᠨ ᠮᠠᠶ᠋ᠢᠭ ᠤᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠪᠠᠭᠰᠢ ᠶᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠰᠦᠪᠡᠭᠴᠢᠯᠡᠵᠦ᠂ ᠪᠠᠭᠰᠢ ᠶᠢᠨ ᠠᠵᠢᠯ ᠮᠡᠷᠭᠡᠵᠢᠯ ᠤᠨ ᠵᠣᠯ ᠵᠢᠷᠭᠠᠯ ᠤᠨ ᠲᠥᠷᠥᠭᠳᠡᠯ ᠢ ᠦᠨᠡᠨᠬᠦ ᠳᠡᠭᠡᠭᠰᠢᠯᠡᠭᠦᠯᠵᠦ᠂ ᠪᠠᠭᠰᠢ ᠠᠵᠢᠯᠲᠠᠨ ᠤ ᠡᠩᠨᠡᠭᠡ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃    ᠳᠥᠷᠪᠡ ᠳᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠰᠤᠷᠭᠠᠭᠤᠯᠢ ᠶᠢᠨ ᠡᠯ᠎ᠡ ᠣᠨ᠂ ᠡᠯ᠎ᠡ ᠰᠠᠯᠠᠭ᠎ᠠ ᠮᠥᠴᠢᠷ᠂ ᠡᠯ᠎ᠡ ᠵᠢᠭᠠᠨ ᠰᠤᠳᠤᠯᠬᠤ ᠳᠤᠭᠤᠶᠢᠯᠠᠩ ᠤᠨ ᠬᠢᠨ ᠬᠠᠷᠠᠯᠲᠠ ᠪᠠᠨ ᠲᠣᠳᠣᠷᠬᠠᠶᠢᠯᠠᠵᠤ᠂ ᠪᠦᠯᠬᠦᠮᠳᠡᠨ ᠨᠢᠭᠡᠳᠴᠦ᠂ ᠪᠣᠶ ᠪᠦᠬᠦᠢ ᠬᠦᠴᠦᠨ ᠢᠶᠠᠨ ᠲᠥᠪᠯᠡᠷᠡᠭᠦᠯᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠳᠤᠮᠳᠠ ᠣᠴᠢᠭᠤᠯᠵᠤ᠂ ᠰᠤᠷᠭᠠᠭᠤᠯᠢ ᠶᠢᠨ ᠡᠯ᠎ᠡ ᠲᠠᠯ᠎ᠠ ᠶᠢᠨ ᠲᠦᠷᠭᠡᠨ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃    ᠲᠠᠪᠤ ᠳᠤ᠂ ᠬᠡᠷᠡᠭᠵᠢᠭᠦᠯᠦᠯᠲᠡ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢᠶᠠᠨ ᠰᠠᠨᠠᠭᠠᠴᠢᠯᠠᠭ᠎ᠠ ᠠᠴᠠ ᠪᠠᠨ ᠪᠣᠳᠣᠯᠬᠢᠯᠠᠵᠤ᠂ ᠵᠦᠢ ᠵᠣᠬᠢᠰᠲᠠᠢ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠡᠷᠡᠭᠲᠡᠢ᠃ ᠠᠵᠢᠯ ᠳᠠᠭᠠᠨ ᠬᠠᠷᠠᠯᠲᠠ ᠲᠠᠢ᠂ ᠠᠷᠭ᠎ᠠ ᠬᠡᠮᠵᠢᠶ᠎ᠡ ᠲᠠᠢ᠂ ᠦᠨᠡᠯᠡᠯᠲᠡ ᠲᠠᠢ ᠪᠠᠶᠢᠬᠤ ᠬᠡᠷᠡᠭᠲᠡᠢ ᠃ ᠦᠨᠡᠨ ᠬᠦ ᠠᠳᠬᠤᠵᠤ ᠪᠣᠳᠠᠲᠠᠢ ᠪᠠᠷ ᠠᠵᠢᠯᠯᠠᠬᠤ ᠳᠡᠭᠡᠷ᠎ᠡ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠬᠡᠷᠡᠭᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号