ᠬᠢᠩᠭᠠᠨ ᠠᠶᠢᠮᠠᠭ ᠤᠨ ᠭᠤᠤᠯ ᠰᠡᠳᠦᠪᠲᠦ ᠡᠳᠦᠷ ᠤᠨ ᠠᠵᠢᠯᠯᠠᠭ᠎ᠠ ᠴᠦᠩᠴᠢᠩ ᠳᠤ ᠶᠠᠪᠤᠭᠳᠠᠵᠤ ᠠᠩᠬᠠᠨ ᠤ ᠡᠳᠦᠷ ᠲᠤ 12.5 ᠳ᠋ᠦᠩᠰᠢᠭᠤᠷ ᠲᠥᠭᠦᠷᠢᠭ ᠤᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2023/3/21
   3 ᠰᠠᠷ᠎ᠠ ᠶᠢᠨ 19 ᠤ ᠡᠳᠦᠷ᠂ 2023 ᠣᠨ ᠤ ︽ᠪᠣᠬᠢᠷᠲᠤᠯ ᠥᠬᠡᠶ ᠪᠦᠳᠦᠭᠡᠭᠳᠡᠭᠦᠨ ᠢᠶᠠᠨ ᠦᠪᠦᠷ ᠮᠤᠩᠭᠤᠯ ᠠᠴᠠ ᠭᠠᠷᠭᠠᠵᠦ ᠴᠦᠩᠴᠢᠩ ᠳᠤ ᠪᠤᠷᠤᠯᠠᠭᠤᠯᠬᠤ ︾ ᠪᠡᠭᠡᠵᠢᠩ ᠥᠪᠥᠷ ᠮᠣᠩᠭᠤᠯ ᠤᠨ ᠬᠡᠷᠡᠭᠯᠡᠭᠡᠨ ᠤ ᠬᠠᠪᠰᠤᠷᠤᠨ ᠲᠡᠳᠬᠦᠬᠦ ᠲᠥᠪᠯᠡᠷᠡᠭᠦᠯᠦᠨ ᠴᠤᠭᠯᠠᠭᠤᠯᠬᠤ ᠲᠠᠨᠢᠯᠴᠠᠭᠤᠯᠬᠤ ᠬᠤᠷᠠᠯ ᠵᠢᠴᠢ ᠬᠠᠪᠰᠤᠷᠤᠨ ᠲᠡᠳᠬᠦᠬᠦ ᠪᠦᠲᠦᠭᠡᠭᠳᠡᠬᠦᠨ ᠤ ︽ᠲᠠᠪᠤ ᠶᠢ ᠣᠷᠣᠭᠤᠯᠬᠤ ︾ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠴᠦᠩᠴᠢᠩ ᠬᠤᠲᠠ ᠳᠤ ᠶᠠᠪᠤᠭᠳᠠᠪᠠ᠂ ᠲᠣᠰ ᠠᠵᠢᠯᠯᠠᠭ᠎ᠠ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠡᠬᠢᠨ ᠤ ᠡᠳᠦᠷ ᠤᠨ ᠦᠳᠡ ᠶᠢᠨ ᠬᠤᠶᠢᠨ᠎ᠠ ᠨᠢ ᠬᠢᠩᠭᠠᠨ ᠠᠶᠢᠮᠠᠭ ᠤᠨ ᠭᠤᠤᠯ ᠰᠡᠳᠦᠪᠲᠦ ᠡᠳᠦᠷ ᠤᠨ ᠠᠵᠢᠯᠯᠠᠭ᠎ᠠ ᠪᠣᠯᠤᠨ᠎ᠠ᠃    ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠪᠠᠶᠠᠷ ᠤᠨ ᠦᠭᠡ ᠬᠡᠯᠡᠵᠦ᠂ ᠪᠡᠭᠡᠵᠢᠩ ᠬᠤᠲᠠ ᠶᠢᠨ ᠲᠤᠰᠠᠯᠠᠨ ᠳᠡᠮᠵᠢᠬᠦ ᠬᠠᠮᠲᠤᠷᠠᠯᠴᠠᠭᠠᠨ ᠤ ᠠᠯᠪᠠᠨ ᠬᠡᠷ ᠤᠨ ᠳᠡᠳ᠋ ᠡᠷᠬᠢᠯᠡᠭᠴᠢ ᠸᠠᠩ ᠵᠣᠣ ᠯᠦᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠬᠠᠶ ᠱᠠᠨ ᠠᠵᠢᠯᠯᠠᠭ᠎ᠠ ᠳᠤ ᠣᠷᠣᠯᠴᠠᠵᠠᠶ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠢᠩᠭᠠᠨ ᠠᠶᠢᠮᠠᠭ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠠᠨᠢᠯᠴᠠᠭᠤᠯᠭ᠎ᠠ ᠶᠢᠨ ᠹᠢᠯᠢᠮ ︽ᠬᠢᠩᠭᠠᠨ ᠳᠠᠪᠠᠭᠠᠨ ᠳᠠᠬᠢ ᠬᠢᠩᠭᠠᠨ ᠠᠶᠢᠮᠠᠭ ︾ ᠢ ᠨᠡᠪᠲᠡᠷᠡᠭᠦᠯᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠤᠪᠴᠢᠶ᠎ᠠ ᠠᠴᠠ ᠲᠤᠰ ᠲᠤᠰ ᠬᠢᠩᠭᠠᠨ ᠠᠶᠢᠮᠠᠭ ᠤᠨ ᠣᠷᠣᠨ ᠪᠦᠰᠡ ᠶᠢᠨ ᠫᠠᠶᠢᠰᠠ᠂ ᠰᠣᠶᠣᠯ ᠵᠤᠭᠠᠴᠠᠯ᠂ ᠲᠠᠷᠢᠶᠠᠯᠠᠩ ᠤᠨ ᠪᠦᠲᠦᠭᠡᠭᠳᠡᠬᠦᠨ ᠤ ᠲᠠᠨᠢᠯᠴᠠᠭᠤᠯᠭ᠎ᠠ ᠬᠢᠵᠦ᠂ ᠬᠢᠩᠭᠠᠨ ᠠᠶᠢᠮᠠᠭ ᠤᠨ 14 ᠠᠵᠤ ᠠᠬᠤᠶᠢᠯᠠᠯ ᠤᠨ ᠲᠥᠯᠥᠭᠡᠯᠡᠭᠴᠢ ᠪᠣᠯᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ᠬᠡᠷᠡᠭᠯᠡᠭᠡᠨ ᠤ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠲᠥᠯᠥᠭᠡᠯᠡᠭᠴᠢ ᠲᠠᠢ 15 ᠵᠠᠬᠢᠶᠠᠯᠠᠭ᠎ᠠ ᠶᠢᠨ ᠬᠠᠭᠤᠳᠠᠰᠤ ᠲᠣᠭᠲᠠᠵᠤ᠂ 12.5 ᠳ᠋ᠦᠩᠰᠢᠭᠤᠷ ᠭᠤᠷᠪᠠᠨ ᠡᠳᠦᠷ ᠤᠨ ᠠᠵᠢᠯᠯᠠᠭ᠎ᠠ ᠶᠢᠨ ᠬᠤᠭᠤᠴᠠᠭᠠᠨ ᠳᠤ᠂ ᠬᠢᠩᠭᠠᠨ ᠠᠶᠢᠮᠠᠭ ᠤᠨ ᠬᠢᠨ 22 ᠠᠵᠤ ᠠᠬᠤᠶᠢᠯᠠᠯ ᠲᠠᠢ ᠭᠡᠷ᠎ᠡ ᠲᠣᠭᠲᠠᠵᠤ᠂ ᠶᠡᠷᠦᠩᠬᠡᠶ ᠲᠤᠭ᠎ᠠ ᠨᠢ 15.95 ᠳ᠋ᠦᠩᠰᠢᠭᠤᠷ ᠲᠥᠭᠦᠷᠢᠭ ᠲᠤ ᠬᠥᠷᠬᠦ ᠪᠣᠯᠤᠮᠵᠢ ᠲᠠᠢ ᠪᠠᠶᠢᠨ᠎ᠠ᠃     ᠲᠤᠰ ᠤᠳᠠᠭᠠᠨ ᠤ ᠠᠵᠢᠯᠯᠠᠭ᠎ᠠ ᠨᠢ ︽ᠬᠢᠩᠭᠠᠨ ᠦᠢᠯᠡᠳᠪᠦᠷᠢᠯᠡᠯ ᠤᠨ ᠠᠮᠤᠷ ᠲᠦᠪᠰᠢᠨ ᠤ ᠰᠣᠩᠭᠤᠯᠲᠠ ︾ ᠪᠠᠷ ᠭᠤᠣᠯ ᠰᠡᠳᠦᠪ ᠪᠣᠯᠭᠠᠵᠤ᠂ ︽ᠪᠡᠭᠡᠵᠢᠩ ᠥᠪᠥᠷ ᠮᠣᠩᠭᠤᠯ ᠴᠦᠩᠴᠢᠩ ︾ ᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠲᠣᠮᠣ ᠲᠠᠪᠴᠠᠩ ᠳᠤ ᠲᠦᠰᠢᠭᠯᠡᠨ᠂ ᠬᠢᠩᠭᠠᠨ ᠠᠶᠢᠮᠠᠭ ᠤᠨ ᠲᠦᠷᠦᠭᠳᠡᠯ᠂ ᠬᠢᠩᠭᠠᠨ ᠠᠶᠢᠮᠠᠭ ᠤᠨ ᠦᠨᠦᠷ ᠠᠮᠲᠠ᠂ ᠬᠢᠩᠭᠠᠨ ᠠᠶᠢᠮᠠᠭ ᠤᠨ ᠦᠢᠯᠡᠳᠬᠦᠨ ᠨᠢ ᠨᠡᠶᠢᠰᠯᠡᠯ ᠤᠨ ᠠᠵᠤ ᠠᠬᠤᠢ ᠶᠢᠨ ᠲᠣᠭᠤᠷᠢᠭ ᠪᠣᠯᠤᠨ ᠴᠧᠩᠳᠦ᠋ ᠴᠦᠩᠴᠢᠩ ᠤᠨ ᠬᠤᠶᠠᠷ ᠬᠤᠳᠠ ᠶᠢᠨ ᠠᠵᠤ ᠠᠬᠤᠢ ᠶᠢᠨ ᠲᠣᠭᠤᠷᠢᠭ ᠤᠨ ᠶᠡᠭᠡ ᠵᠠᠬ᠎ᠠ ᠳᠡᠯᠭᠡᠭᠦᠷ ᠲᠤ ᠤᠷᠳᠤ ᠬᠤᠭᠤᠴᠠᠭ᠎ᠠ ᠪᠠᠷ ᠰᠠᠭᠤᠷᠢᠰᠢᠵᠤ᠂ ᠡᠭᠦᠨ ᠤ ᠵᠡᠷᠭᠡ ᠳᠤ ᠪᠡᠭᠡᠵᠢᠩ ᠬᠤᠲᠠ᠂ ᠴᠦᠩᠴᠢᠩ ᠬᠤᠲᠠ ᠯᠤᠭ᠎ᠠ ᠶᠢᠨ ᠡᠯ᠎ᠡ ᠲᠠᠯ᠎ᠠ ᠶᠢᠨ ᠰᠣᠯᠢᠯᠴᠠᠭ᠎ᠠ ᠵᠣᠯᠭᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠲᠣ ᠦᠶ᠎ᠡ ᠶᠢᠨ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠳᠪᠦᠷᠢ᠂ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠦᠢᠯᠡᠰ᠂ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠵᠡᠷᠭᠡ ᠬᠦᠷᠢᠶᠡᠨ ᠳᠤ ᠨᠠᠩ ᠨᠢᠭᠲᠠ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠭᠤᠷᠪᠠᠨ ᠭᠠᠵᠠᠷ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠠᠮᠲᠤ ᠪᠠᠷ ᠠᠰᠢᠭ ᠭᠥᠷᠳᠡᠬᠦ ᠶᠢ ᠭᠠᠷ ᠬᠤᠯᠪᠣᠨ ᠠᠬᠢᠭᠤᠯᠤᠨ᠎ᠠ᠃     
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号