3 ᠰᠠᠷ᠎ᠠ ᠶᠢᠨ 20 ᠤ ᠡᠳᠦᠷ᠂ ᠲᠦᠴᠢᠦᠸᠠᠨ ᠰᠢᠶᠠᠨ ᠤ ᠵᠦᠩ ᠰᠢᠨ ᠤᠢ ᠰᠢᠭᠤᠢ ᠶᠢᠨ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ | ᠬᠢᠵᠠᠭᠠᠷᠲᠤ ᠺᠣᠮᠫᠠᠨᠢ ᠲᠠᠢ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠬᠤᠷᠠᠮᠳᠤᠭᠤᠯᠤᠨ ᠬᠤᠷᠠᠭᠤᠯᠬᠤ ᠬᠡᠮᠵᠢᠶ᠎ᠡ ᠶᠢ ᠨᠡᠮᠡᠭᠳᠡᠭᠦᠯᠬᠦ ᠠᠷᠠᠯᠵᠢᠶᠠᠨ ᠤ ᠬᠠᠮᠲᠤᠷᠠᠯᠴᠠᠭᠠᠨ ᠤ ᠵᠥᠪᠯᠡᠯᠴᠡᠭᠡᠷ | ᠲᠣᠭᠲᠠᠵᠤ᠂ ᠲᠦᠷᠦᠭᠦᠦ ᠪᠦᠯᠦᠭ ᠤᠨ ᠠᠷᠠᠯᠵᠢᠶᠠᠨ ᠤ ᠬᠡᠮᠵᠢᠶ᠎ᠡ ᠨᠢ 100 ᠲᠦᠮᠡ᠃ ᠣᠶᠢᠯᠠᠭᠠᠭᠰᠠᠨ ᠢᠶᠠᠷ᠂ ᠲᠣᠰ | ᠠᠷᠠᠯᠵᠢᠶ᠎ᠠ ᠪᠣᠯ ᠪᠥᠬᠦ ᠣᠷᠣᠨ ᠤ ᠠᠩᠬᠠᠳᠠᠭᠴᠢ CCER ︵ᠤᠯᠤᠰ ᠠᠴᠠ ᠰᠠᠶᠢᠨ ᠳᠤᠷ᠎ᠠ ᠠᠴᠠ ᠪᠠᠨ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠬᠢᠨᠠᠨ ᠭᠡᠷᠡᠴᠢᠯᠡᠬᠦ ︶ ᠣᠶ ᠰᠢᠭᠤᠶ ᠶᠢᠨ | ᠦᠢᠯᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠬᠤᠭᠤᠴᠠᠭᠠᠲᠤ ᠪᠠᠷᠠᠭᠠᠨ ᠤ ᠬᠡᠯᠪᠡᠷᠢ ᠶᠢᠨ | ᠠᠷᠠᠯᠵᠢᠶ᠎ᠠ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ︽ᠬᠤᠤᠰ ᠨᠡᠭᠦᠷᠡᠰᠦᠲᠥ᠋ᠷᠥᠭᠴᠢ ︾ ᠶᠢᠨ ᠠᠵᠢᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠬᠢᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶᠠᠨ ᠤ ᠠᠵᠢᠯ ᠢ ᠪᠥᠬᠦ ᠬᠦᠴᠦᠨ ᠢᠶᠠᠷ ᠢᠶᠠᠨ | ᠳᠥᠯᠭᠢᠨ ᠠᠬᠢᠭᠤᠯᠵᠤ᠂ ᠷᠠᠰᠢᠶᠠᠨ ᠬᠤᠲᠠ ᠶᠢᠨ ᠤᠯᠤᠰ ᠤᠨ ᠣᠶ ᠰᠢᠭᠤᠶ ᠶᠢᠨ ᠦᠢᠯᠡᠰ ᠤᠨ | ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠲᠤᠷᠰᠢᠯᠲᠠ ᠶᠢᠨ ᠴᠡᠭ ᠲᠤ ᠰᠣᠩᠭᠤᠭᠳᠠᠭᠰᠠᠨ ᠢᠶᠠᠷ ᠲᠣᠬᠢᠶᠠᠯ ᠪᠣᠯᠭᠠᠵᠤ | ᠂ ᠤᠯᠤᠰ ᠤᠨ ᠳᠣᠲᠣᠭᠠᠳᠤ ᠶᠢᠨ ᠨᠠᠷᠠᠲᠤ ᠲᠤᠰᠬᠠᠶ ᠮᠡᠷᠭᠡᠵᠢᠯ ᠤᠨ ᠪᠦᠯᠬᠦᠮ ᠢ ᠤᠷᠢᠵᠤ᠂ ᠷᠠᠰᠢᠶᠠᠨ ᠬᠤᠲᠠ ᠪᠠ | ᠲᠦᠴᠢᠦᠸᠠᠨ ᠰᠢᠶᠠᠨ ᠤ ᠲᠤᠷᠰᠢᠯᠲᠠ ᠶᠢᠨ ᠴᠡᠭ ᠲᠤ ᠣᠶ ᠰᠢᠭᠤᠶ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ | ᠰᠢᠩᠭᠡᠭᠡᠨ ᠠᠪᠬᠤ ᠨᠡᠭᠡᠭᠡᠨ ᠬᠥᠭᠵᠢᠭᠦᠯᠦᠯᠲᠡ ᠶᠢ ᠡᠬᠢᠯᠡᠭᠦᠯᠪᠡ᠃ ᠲᠤᠭ᠎ᠠ ᠪᠠᠷᠢᠮᠲᠠ ᠶᠢᠨ ᠬᠥᠮᠥᠷᠭᠡ ᠪᠠᠶᠢᠭᠤᠯᠬᠤ ᠪᠠ | ᠰᠠᠭᠤᠷᠢ ᠭᠠᠵᠠᠷ ᠤᠨ ᠪᠠᠶᠢᠴᠠᠭᠠᠯᠲᠠ ᠶᠢ ᠥᠷᠨᠢᠭᠦᠯᠬᠦ ᠪᠠᠷ ᠳᠡᠮᠵᠢᠨ᠂ ᠲᠦᠴᠢᠦᠸᠠᠨ ᠰᠢᠶᠠᠨ ᠤ ᠨᠡᠭᠡᠭᠡᠨ | ᠬᠥᠭᠵᠢᠭᠦᠯᠵᠦ ᠪᠣᠯᠬᠤ ᠣᠶ ᠰᠢᠭᠤᠶ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ | ᠲᠠᠯᠠᠪᠠᠶ 35 ᠲᠦᠮᠡᠨ ᠮᠥ ᠳᠤ ᠭᠦᠷᠦᠭᠰᠡᠨ ᠢ ᠢᠯᠡᠷᠡᠭᠦᠯᠪᠡ᠃ ᠤᠷᠢᠳ ᠢᠶᠠᠷ ᠬᠡᠷᠡᠭᠵᠢᠭᠦᠯᠵᠦ ᠤᠷᠢᠳ ᠢᠶᠠᠷ | ᠲᠤᠷᠰᠢᠬᠤ ᠵᠠᠷᠴᠢᠮ ᠶᠣᠰᠣᠭᠠᠷ᠂ ᠲᠦᠴᠢᠦᠸᠠᠨ ᠰᠢᠶᠠᠨ ᠤ ᠬᠢᠨ ᠡᠭᠦᠨ ᠤ ᠳᠣᠲᠣᠷ᠎ᠠ ᠠᠴᠠ 6000 ᠮᠥ ᠲᠠᠷᠢᠮᠠᠯ | ᠣᠶ ᠰᠣᠩᠭᠤᠨ ᠲᠤᠷᠰᠢᠯᠲᠠ ᠬᠢᠵᠦ᠂ 5 ᠵᠢᠯ ᠢᠶᠠᠷ ᠨᠢᠭᠡ ᠬᠢᠨᠠᠨ ᠬᠡᠮᠵᠢᠬᠦ ᠦᠶᠡᠯᠡᠯ ᠪᠣᠯᠭᠠᠵᠤ᠂ ᠬᠤᠸᠠ ᠨᠧᠩ | ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ ᠲᠠᠢ ᠭᠡᠷ᠎ᠡ ᠲᠣᠭᠲᠠᠵᠤ᠂ ᠲᠥᠷᠥᠯ ᠵᠦᠢᠯ ᠤᠨ ᠭᠤᠪᠢᠭᠤᠯᠭ᠎ᠠ | ᠨᠡᠮᠡᠭᠳᠡᠭᠦᠯᠬᠦ ᠬᠡᠮᠵᠢᠶ᠎ᠡ ᠶᠢ 100 ᠲᠦᠮᠡᠨ ᠲᠥᠭᠦᠷᠢᠭ ᠢᠶᠠᠷ ᠤᠷᠢᠳᠴᠢᠯᠠᠨ ᠵᠢᠱᠢᠵᠡᠶ᠃ | ᠲᠦᠴᠢᠦᠸᠠᠨ ᠰᠢᠶᠠᠨ ᠪᠣᠯᠤᠨ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠠᠷᠠᠯᠵᠢᠶᠠᠨ ᠤ ᠭᠡᠷ᠎ᠡ ᠲᠣᠭᠲᠠᠬᠤ ᠶᠣᠰᠣᠯᠠᠯ | ᠶᠠᠪᠤᠭᠤᠯᠵᠤ᠂ ᠪᠦᠬᠦ ᠠᠶᠢᠮᠠᠭ ᠤᠨ ᠤᠢ ᠰᠢᠭᠤᠢ ᠨᠤᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠰᠢᠩᠭᠡᠭᠡᠨ ᠠᠪᠬᠤ ᠠᠷᠠᠯᠵᠢᠶᠠᠨ ᠤ ᠲᠠᠯ᠎ᠠ ᠪᠠᠷ ᠬᠢ ᠰᠢᠪᠲᠤᠯᠤᠯᠲᠠ ᠶᠢ ᠪᠡᠶᠡᠯᠡᠭᠦᠯᠵᠡᠢ᠃ ᠳᠠᠷᠠᠭᠠᠴᠢ ᠶᠢᠨ | ᠠᠯᠬᠤᠮ ᠳᠤ᠂ ᠬᠢᠩᠭᠠᠨ ᠠᠶᠢᠮᠠᠭ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠠᠭᠤᠯᠠ ︾ ᠶᠢᠨ ᠤᠨᠤᠯ ᠢ ᠢᠳᠡᠪᠬᠢᠲᠡᠢ | ᠦᠢᠯᠡᠳᠦᠯᠭᠡᠵᠢᠭᠦᠯᠵᠦ᠂ ᠲᠦᠴᠢᠦᠸᠠᠨ ᠰᠢᠶᠠᠨ ᠪᠣᠯᠤᠨ ᠷᠠᠰᠢᠶᠠᠨ ᠬᠤᠳᠠ ᠶᠢᠨ ᠤᠢ ᠰᠢᠭᠤᠢ ᠶᠢᠨ ᠦᠢᠯᠡᠰ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠴᠤ ᠨᠡᠭᠡᠭᠡᠨ ᠬᠥᠭᠵᠢᠭᠦᠯᠬᠦ ᠠᠵᠢᠯ ᠢ ᠪᠦᠬᠦ | ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃ ᠡᠭᠦᠨ ᠤ ᠵᠡᠷᠭᠡᠪᠡᠷ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤ ᠪᠣᠯᠤᠨ ᠵᠠᠯᠠᠶᠢᠳ ᠬᠤᠰᠢᠭᠤᠨ ᠤ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠨᠡᠭᠡᠭᠡᠨ | ᠬᠥᠭᠵᠢᠭᠦᠯᠦᠯᠲᠡ ᠶᠢ ᠱᠠᠯᠠᠪᠳᠠᠨ ᠡᠬᠢᠯᠡᠭᠦᠯᠵᠦ᠂ ᠪᠡᠭᠡᠵᠢᠩ ᠤᠨ ᠨᠣᠭᠤᠭᠠᠨ ᠦᠩᠭᠡ ᠶᠢᠨ ᠠᠷᠠᠯᠵᠢᠶᠠᠨ ᠤ ᠭᠠᠵᠠᠷ | ᠵᠡᠷᠭᠡ ᠡᠷᠬᠡ ᠰᠦᠷᠲᠦ ᠪᠠᠶᠢᠭᠤᠯᠤᠮᠵᠢ ᠲᠠᠢ ᠬᠠᠮᠲᠤᠷᠠᠯᠴᠠᠵᠤ᠂ ᠪᠦᠬᠦ ᠠᠶᠢᠮᠠᠭ ᠤᠨ ᠬᠡᠪᠴᠢᠶᠡᠨ ᠳᠤ ᠰᠢᠨᠵᠢᠯᠡᠬᠦ | ᠤᠬᠠᠭᠠᠨᠴᠢ ᠵᠦᠢ ᠵᠣᠬᠢᠰᠲᠠᠢ᠂ ᠬᠡᠯᠪᠡᠷᠢ ᠨᠢ ᠤᠯᠠᠨ ᠶᠠᠩᠵᠤ ᠶᠢᠨ᠂ ᠬᠠᠮᠢᠶᠠᠷᠤᠯᠲᠠ ᠨᠢ ᠵᠢᠷᠤᠮᠵᠢᠭᠰᠠᠨ ᠤᠢ ᠰᠢᠭᠤᠢ | ᠨᠤᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠨᠡᠭᠡᠭᠡᠨ ᠬᠥᠭᠵᠢᠭᠦᠯᠦᠯᠲᠡ ᠶᠢᠨ ᠪᠠᠶᠢᠷᠢᠰᠢᠯ ᠢ | ᠪᠠᠶᠢᠭᠤᠯᠵᠤ᠂ ᠬᠢᠩᠭᠠᠨ ᠠᠶᠢᠮᠠᠭ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠤᠨ᠎ᠠ᠃ | |