ᠬᠢᠩᠭᠠᠨ ᠠᠶᠢᠮᠠᠭ ᠤᠨ ᠵᠠᠬᠢᠷᠭ᠎ᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2023/3/21
   ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠤ ᠤᠨᠲᠠᠷᠠᠭᠠᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠪᠥᠬᠦ ᠠᠶᠢᠮᠠᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠵᠤ᠂ ︽ᠣᠶ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠳᠦᠷᠢᠮ ︾ ︽ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠳᠦᠷᠢᠮ ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠳᠦᠷᠢᠮ ︾ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠭᠠᠯ ᠰᠡᠷᠭᠡᠶᠢᠯᠡᠬᠦ ᠬᠤᠭᠤᠴᠠᠭ᠎ᠠ 2023 ᠣᠨ ᠤ 3 ᠰᠠᠷ᠎ᠠ ᠶᠢᠨ 15 ︱ 6 ᠰᠠᠷ᠎ᠠ ᠶᠢᠨ 15 ᠤ ᠡᠳᠦᠷ᠂ 9 ᠰᠠᠷ᠎ᠠ ᠶᠢᠨ 15 ︱ 11 ᠰᠠᠷ᠎ᠠ ᠶᠢᠨ 15 ᠤ ᠡᠳᠦᠷ ᠪᠤᠯᠲᠠᠯ᠎ᠠ ᠶᠠᠪᠤᠭᠳᠠᠨ᠎ᠠ᠃    ᠬᠤᠶᠠᠷ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠥᠬᠦ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠣᠷᠣᠨ ᠪᠦᠰᠡ᠃ ᠡᠭᠦᠨ ᠳᠤ ᠭᠤᠣᠯᠳᠠᠭᠤ᠄ ᠡᠯ᠎ᠡ ᠬᠤᠰᠢᠭᠤ ᠰᠢᠶᠠᠨ ᠬᠤᠳᠠ ᠶᠢᠨ ᠨᠤᠭᠤᠭᠠᠷᠠᠭᠤᠯᠤᠯᠳᠠ ᠶᠢᠨ ᠲᠣᠭᠤᠷᠢᠭ᠂ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠤᠨ ᠲᠣᠭᠤᠷᠢᠭ᠂ ᠨᠡᠶᠢᠲᠡ ᠶᠢᠨ ᠠᠰᠠᠷᠠᠮᠵᠢ ᠶᠢᠨ ᠤᠶᠢᠳᠤ ᠣᠷᠣᠨ᠂ ᠨᠤᠳᠤᠭ ᠪᠡᠯᠴᠢᠭᠡᠷ ᠬᠢᠭᠡᠳ ᠤᠢ ᠰᠢᠭᠤᠢ ᠨᠤᠳᠤᠭ ᠪᠡᠯᠴᠢᠭᠡᠷ ᠲᠤ ᠬᠤᠯᠪᠣᠭᠳᠠᠬᠤ ᠵᠤᠭᠠᠴᠠᠯ ᠤᠨ ᠦᠵᠡᠮᠵᠢᠲᠦ ᠣᠷᠣᠨ ᠵᠡᠷᠭᠡ ᠣᠷᠣᠨ ᠪᠦᠰᠡ ᠶᠢ ᠪᠠᠭᠲᠠᠭᠠᠨ᠎ᠠ᠃     ᠭᠤᠷᠪᠠ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠪᠠ ᠭᠠᠯ ᠲᠦᠢᠮᠡᠷ ᠢ ᠰᠡᠷᠭᠡᠶᠢᠯᠡᠬᠦ ᠣᠷᠣᠨ ᠲᠣᠭᠤᠷᠢᠭ ᠤᠨ ᠳᠣᠲᠣᠷ᠎ᠠ ᠵᠥᠪᠰᠢᠶᠡᠷᠡᠯ ᠦᠭᠡᠢ ᠪᠠᠷ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠃ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠳᠣᠣᠷᠠᠬᠢ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠢ᠄   ︵ᠨᠢᠭᠡ ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠣᠷᠣᠨ ᠳᠤ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠳᠤᠯᠠᠭᠠᠯᠠᠬᠤ᠂ ᠠᠩ ᠠᠩᠨᠠᠬᠤ᠂ ᠭᠠᠯ ᠲᠠᠯᠪᠢᠵᠤ ᠠᠷᠢᠶᠠᠲᠠᠨ ᠢ ᠦᠯᠳᠡᠬᠦ ᠵᠡᠷᠭᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃   ︵ᠬᠤᠶᠠᠷ ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠣᠷᠣᠨ ᠳᠤ ᠲᠠᠷᠢᠶᠠᠨ ᠳᠠᠯᠠᠩ ᠤᠨ ᠡᠪᠡᠰᠦ ᠪᠠᠨ ᠰᠢᠲᠠᠭᠠᠬᠤ᠂ ᠡᠰᠢ ᠰᠦᠷᠡᠯ ᠰᠢᠲᠠᠭᠠᠬᠤ᠂ ᠬᠠᠰᠢᠯᠭ᠎ᠠ ᠶᠢᠨ ᠵᠠᠭᠠᠭ ᠲᠠᠬᠢ ᠡᠪᠡᠰᠦ ᠮᠤᠳᠤ ᠶᠢ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃   ︵ᠭᠤᠷᠪᠠ ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠣᠷᠣᠨ ᠳᠤ ᠵᠤᠯᠠ ᠠᠰᠠᠭᠠᠬᠤ᠂ ᠬᠦᠵᠢ ᠠᠰᠠᠭᠠᠬᠤ᠂ ᠴᠠᠭᠠᠰᠤ ᠰᠢᠳᠠᠭᠠᠬᠤ᠂ ᠬᠤᠸᠠᠷ ᠫᠤᠤᠵᠢᠩ ᠲᠠᠯᠪᠢᠬᠤ᠂ ᠭᠠᠯ ᠢᠶᠠᠷ ᠨᠠᠭᠠᠳᠬᠤ ᠶᠢ ᠴᠢᠩᠭ᠎ᠠ ᠴᠠᠭᠠᠵᠠᠯᠠᠨ᠎ᠠ᠃    ︵ᠳᠥᠷᠪᠡ ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠣᠷᠣᠨ ᠳᠤ ᠭᠠᠩᠨᠠᠭᠤᠷ ᠤᠨ ᠠᠵᠢᠯ ᠬᠢᠬᠦ᠂ ᠪᠠᠷᠢᠯᠭ᠎ᠠ ᠪᠠᠷᠢᠵᠤ ᠳᠡᠯᠪᠡᠴᠢᠬᠦ ᠶᠢ ᠴᠢᠩᠭ᠎ᠠ ᠴᠠᠭᠠᠵᠠᠯᠠᠨ᠎ᠠ᠃   ︵ᠲᠠᠪᠤ ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠪᠡᠯᠡᠳᠬᠡᠮᠵᠢ᠂ ᠲᠥᠬᠦᠭᠡᠷᠦᠮᠵᠢ ᠵᠢᠴᠢ ᠤᠬᠠᠭᠤᠯᠵᠤ ᠰᠡᠷᠡᠮᠵᠢᠯᠡᠭᠦᠯᠬᠦ ᠫᠠᠶᠢᠰᠠ ᠢᠯᠡᠷᠬᠡᠶᠢᠯᠡᠯ ᠢ ᠡᠪᠳᠡᠬᠦ ᠪᠤᠶᠤ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃   ︵ᠵᠢᠷᠭᠤᠭ᠎ᠠ ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠭᠠᠷᠴᠤ ᠮᠡᠳᠡᠬᠦ ᠪᠤᠰᠤᠳ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠳᠥᠷᠪᠡ᠂ ᠪᠤᠰᠤᠳ ᠱᠠᠭᠠᠷᠳᠠᠯᠭ᠎ᠠ   ︵ᠨᠢᠭᠡ ︶ ᠡᠯ᠎ᠡ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤ ᠱᠠᠭᠠᠷᠳᠠᠯᠭ᠎ᠠ ᠶᠣᠰᠣᠭᠠᠷ ᠬᠠᠷᠢᠶ᠎ᠠ ᠣᠷᠣᠨ ᠳᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠨᠠᠷᠢᠨ ᠨᠢᠮᠪᠠᠢ ᠬᠢᠬᠦ ᠬᠡᠷᠡᠭᠲᠡᠢ᠃     1. ᠭᠠᠯ ᠲᠦᠢᠮᠡᠷ ᠢ ᠰᠡᠷᠭᠡᠶᠢᠯᠡᠬᠦ ᠣᠷᠣᠨ ᠢ ᠬᠤᠪᠢᠶᠠᠷᠢᠯᠠᠨ ᠲᠣᠭᠲᠠᠭᠠᠬᠤ ᠪᠠ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠭᠠᠷᠬᠤ ᠲᠦᠭᠰᠢᠭᠦᠷᠢᠳᠣ ᠣᠷᠣᠨ ᠢ ᠬᠤᠪᠢᠶᠠᠷᠢᠯᠠᠨ ᠲᠣᠭᠲᠠᠭᠠᠵᠤ᠂ ᠭᠠᠯ ᠲᠦᠢᠮᠡᠷ ᠤᠨ ᠠᠶᠤᠯ ᠭᠠᠷᠬᠤ ᠲᠦᠭᠰᠢᠭᠦᠷᠢᠳᠣ ᠬᠤᠭᠤᠴᠠᠭ᠎ᠠ ᠶᠢ ᠲᠣᠳᠣᠷᠬᠠᠶᠢᠯᠠᠬᠤ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠢ᠃ ᠥᠨᠳᠥᠷ ᠳᠤᠯᠠᠭᠠᠨ᠂ ᠭᠠᠩ ᠬᠠᠭᠤᠷᠠᠢ᠂ ᠶᠡᠭᠡ ᠰᠠᠯᠬᠢ ᠰᠠᠯᠬᠢᠯᠠᠬᠤ ᠵᠡᠷᠭᠡ ᠭᠠᠯ ᠲᠦᠢᠮᠡᠷ ᠤᠨ ᠠᠶᠤᠯ ᠭᠠᠷᠬᠤ ᠤᠨᠴᠠᠭᠠᠢ ᠴᠠᠭ ᠠᠭᠤᠷ ᠲᠣᠬᠢᠶᠠᠯᠳᠤᠪᠠᠯ᠂ ᠠᠭᠤᠯᠠ ᠶᠢ ᠪᠢᠲᠡᠭᠦᠮᠵᠢᠯᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠭᠠᠯ ᠲᠦᠢᠮᠡᠷ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃    2. ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠭᠠᠯ ᠲᠦᠢᠮᠡᠷ ᠤᠨ ᠠᠶᠤᠯ ᠤᠨ ᠬᠤᠣᠷ ᠬᠥᠨᠥᠭᠡᠯ ᠪᠣᠯᠣᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠮᠡᠳᠡᠯᠭᠡ ᠪᠠᠷ ᠭᠤᠣᠯ ᠠᠭᠤᠯᠭ᠎ᠠ ᠪᠤᠯᠭᠠᠭᠰᠠᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃    3. ᠭᠠᠯ ᠲᠦᠢᠮᠡᠷ ᠢ ᠰᠡᠷᠭᠡᠶᠢᠯᠡᠬᠦ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠳᠦᠷ ᠲᠤᠲᠤᠮ ᠤᠨ ᠭᠠᠯ ᠲᠦᠢᠮᠡᠷ ᠢ ᠰᠡᠷᠭᠡᠶᠢᠯᠡᠬᠦ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠢᠯᠠᠩᠭᠤᠶ᠎ᠠ ︽ᠬᠠᠩᠰᠢ ᠶᠢᠨ ᠡᠳᠦᠷ ︾᠂ ︽5 · 1︾᠂ ︽10 · 1︾ ᠵᠡᠷᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ᠂ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠤᠷᠤᠨ᠂ ᠨᠡᠶᠢᠳᠡ ᠶᠢᠨ ᠪᠤᠩᠬᠤᠨ ᠤ ᠭᠠᠵᠠᠷ᠂ ᠤᠶᠢᠳᠤ ᠤᠷᠤᠨ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠵᠡᠷᠭᠡ ᠭᠤᠣᠯᠳᠠᠯᠭ᠎ᠠ ᠲᠠᠢ ᠭᠠᠯ ᠲᠦᠢᠮᠡᠷ ᠢ ᠰᠡᠷᠭᠡᠶᠢᠯᠡᠬᠦ ᠣᠷᠣᠨ ᠢᠶᠠᠷ ᠭᠦᠨᠵᠡᠭᠡᠶᠢᠷᠡᠭᠦᠯᠦᠨ ᠪᠥᠬᠦ ᠡᠳᠦᠷ ᠢᠶᠠᠷ ᠲᠣᠭᠤᠷᠢᠨ ᠪᠠᠶᠢᠴᠠᠭᠠᠵᠤ ᠰᠡᠷᠭᠡᠶᠢᠯᠡᠬᠦ ᠬᠡᠷᠡᠭᠲᠡᠢ᠃    4. ᠭᠤᠣᠯᠳᠠᠯᠭ᠎ᠠ ᠲᠠᠢ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠡᠦᠬᠡᠳ ᠪᠠᠭᠠᠴᠤᠳ᠂ ᠮᠠᠯ ᠬᠠᠷᠢᠭᠤᠯᠤᠭᠴᠢ᠂ ᠤᠬᠠᠭᠠᠨ ᠲᠤᠲᠠᠮᠠᠭ ᠬᠦᠮᠦᠰ ᠪᠤᠶᠤ ᠭᠤᠶᠢᠷᠠᠨᠴᠢ ᠵᠡᠷᠭᠡ ᠣᠨᠴᠠᠭᠠᠢ ᠬᠥᠮᠥᠰ ᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠬᠡᠷᠡᠭᠲᠡᠢ᠃   ︵ᠬᠤᠶᠠᠷ ︶ ᠪᠥᠬᠦ ᠠᠶᠢᠮᠠᠭ ᠤᠨ ᠡᠯ᠎ᠡ ᠱᠠᠲᠤᠨ ᠤ ᠺᠠᠳ᠋ᠷ ᠣᠯᠠᠨ ᠲᠦᠮᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠤᠨ ᠬᠤᠣᠷ ᠬᠥᠨᠥᠭᠡᠯᠳᠦ ᠴᠢᠨᠠᠷ ᠪᠠ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ᠬᠠᠷᠢᠯᠴᠠᠨ ᠬᠢᠨᠠᠯᠲᠠ ᠲᠠᠯᠪᠢᠵᠤ᠂ ᠵᠠᠷᠯᠠᠯ ᠤᠨ ᠲᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃  ᠁   ︵ᠭᠤᠷᠪᠠ ︶ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠲᠠᠭᠠᠯ ᠠᠴᠠ ᠵᠥᠷᠢᠴᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠠᠴᠠ ᠪᠣᠯᠵᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠴᠢᠩᠭ᠎ᠠ ᠰᠢᠳᠬᠡᠬᠦ ᠬᠡᠷᠡᠭᠲᠡᠢ᠃ ᠶᠠᠮᠠᠷᠪᠠ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠭᠠᠷᠤᠭᠰᠠᠨ ᠪᠠᠶᠢᠳᠠᠯ ᠢ ᠣᠯᠵᠤ ᠮᠡᠳᠡᠪᠡᠯ᠂ ᠳᠠᠷᠦ᠋ᠢᠬᠠᠨ ᠴᠠᠭᠳᠠᠭ᠎ᠠ ᠳᠤ ᠮᠡᠳᠡᠭᠦᠯᠬᠦ ᠤᠳᠠᠰᠤ ᠶᠢ ᠤᠲᠠᠰᠤᠳᠠᠬᠤ ᠬᠡᠷᠡᠭᠲᠡᠢ᠃        ᠴᠠᠭᠳᠠᠭ᠎ᠠ ᠳᠤ ᠮᠡᠳᠡᠭᠦᠯᠬᠦ ᠤᠲᠠᠰᠤ᠄ 110᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠴᠠᠭᠳᠠᠭ᠎ᠠ ᠶᠢᠨ ᠤᠲᠠᠰᠤ᠄ 12119 ᠪᠤᠯᠤᠨ᠎ᠠ᠃                                    2023 ᠣᠨ ᠤ 3 ᠰᠠᠷ᠎ᠠ ᠶᠢᠨ 15 ᠤ ᠡᠳᠣᠷ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号