ᠨᠡᠶᠢᠭᠡᠮ ᠲᠣᠭᠤᠷᠢᠭ ᠠᠳᠠᠯ ᠠᠬᠤᠢ  ᠬᠠᠮᠳᠤᠷᠠᠨ ᠮᠦᠷᠦᠶᠢᠴᠡᠵᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠦᠢᠯᠡᠴᠢᠯᠡᠭᠡ ᠶᠢ ᠲᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/3/21
   3 ᠰᠠᠷ᠎ᠠ ᠶᠢᠨ 19 ᠤ ᠡᠳᠦᠷ᠂ ᠲᠦᠴᠢᠦᠸᠠᠨ ᠰᠢᠶᠠᠨ ᠤ ᠬᠡᠦ ᠰᠢ ᠨᠡᠶᠢᠭᠡᠮ ᠲᠣᠭᠤᠷᠢᠭ᠂ ᠰᠢᠶᠠᠩ ᠶᠠᠩ ᠨᠡᠶᠢᠭᠡᠮ ᠲᠣᠭᠤᠷᠢᠭ᠂ ᠢ ᠵᠢᠶᠠ ᠠᠳᠠᠯ ᠠᠬᠤᠢ ᠬᠠᠮᠲᠤᠷᠠᠨ ᠬᠤᠶᠠᠳᠤᠭᠠᠷ ᠬᠤᠭᠤᠴᠠᠭᠠᠨ ᠤ ᠥᠮᠴᠢᠲᠡᠨ ᠤ ᠫᠢᠩᠫᠠᠩ ᠪᠥᠮᠪᠦᠭᠡ ᠶᠢᠨ ᠤᠷᠤᠯᠳᠤᠭᠠᠨ ᠢ ᠥᠷᠨᠢᠭᠦᠯᠵᠦ᠂ ᠳ᠋ᠦᠩ ᠴᠧᠩ ᠮᠢᠩ ᠶᠤᠸᠠᠨ᠂ ᠶᠠᠩ ᠭᠤᠸᠠᠩ ᠱᠢᠨᠴᠧᠩ᠂ ᠱᠧᠩ ᠵᠢᠶᠠ ᠱᠢᠨᠴᠧᠩ ᠵᠡᠷᠭᠡ ᠭᠤᠷᠪᠠᠨ ᠵᠢᠵᠢᠭ ᠲᠣᠭᠤᠷᠢᠭ ᠤᠨ ᠫᠢᠩᠫᠠᠩ ᠪᠥᠮᠪᠦᠭᠡ ᠶᠢᠨ ᠬᠥᠳᠡᠯᠭᠡᠭᠡᠨ ᠳᠤ ᠪᠠᠭ᠋ᠠᠲᠠᠢ ᠥᠮᠴᠢᠲᠡᠨ ᠪᠠ ᠨᠡᠶᠢᠭᠡᠮ ᠲᠣᠭᠤᠷᠢᠭ ᠤᠨ ᠺᠠᠳ᠋ᠷ ᠨᠡᠶᠢᠲᠡ 41 ᠲᠠᠮᠢᠷᠴᠢᠨ ᠬᠠᠮᠲᠤ ᠶᠢᠨ ᠤᠷᠤᠯᠳᠤᠭᠠᠨ᠂ ᠡᠷᠡᠭᠲᠡᠢ ᠶᠢᠨ ᠭᠠᠭᠴᠠᠭᠠᠷ ᠴᠣᠬᠢᠬᠤ ᠤᠷᠤᠯᠳᠤᠭᠠᠨ᠂ ᠡᠮᠡᠭᠲᠡᠢ ᠶᠢᠨ ᠭᠠᠭᠴᠠᠭᠠᠷ ᠴᠣᠬᠢᠬᠤ ᠤᠷᠤᠯᠳᠤᠭᠠᠨ ᠤ ᠲᠥᠷᠥᠯ ᠵᠦᠢᠯ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠱᠧᠩ ᠵᠢᠶᠠ‌‍ᠱᠢᠨᠴᠧᠩ᠂ ᠶᠠᠩ ᠭᠤᠸᠠᠩ ᠱᠢᠨᠴᠧᠩ᠂ ᠳ᠋ᠦᠩ ᠴᠧᠩ ᠮᠢᠩ ᠶᠤᠸᠠᠨ ᠲᠣᠰ ᠲᠣᠰ ᠪᠦᠯᠬᠦᠮ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃    ᠲᠣᠰ ᠤᠳᠠᠭᠠᠨ ᠤ ᠬᠦᠳᠡᠯᠭᠡᠭᠡᠨ ᠪᠣᠯ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠳᠠᠯ ᠠᠬᠤᠢ ᠶᠢᠨ ᠦᠢᠯᠡᠴᠢᠯᠡᠭᠡ ᠶᠢᠨ ᠳᠡᠭᠡᠭᠰᠢᠯᠡᠯᠲᠡ ᠶᠢ ᠠᠬᠢᠭᠤᠯᠬᠤ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠃ ︽ᠬᠤᠪᠢᠰᠬᠠᠯᠲᠤ ᠠᠳᠠᠯ ᠠᠬᠤᠢ︾ ᠶᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠳᠠᠯ ᠠᠬᠤᠢ ᠶᠢᠨ ᠠᠵᠤ ᠠᠬᠤᠶᠢᠯᠠᠯ ᠳᠠᠬᠢ ᠤᠯᠤᠰ ᠲᠥᠷᠥ ᠶᠢᠨ ᠵᠢᠯᠣᠭᠤᠳᠤᠯᠭ᠎ᠠ ᠪᠠ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ ᠢ ᠲᠠᠰᠤᠷᠠᠯᠲᠠ ᠦᠭᠡᠢ ᠵᠢᠷᠤᠮᠵᠢᠭᠤᠯᠵᠤ᠂ ᠪᠠᠭ᠎ᠠ ᠶᠠᠪᠤᠳᠠᠯ ᠠᠴᠠ ᠪᠣᠳᠣᠯᠬᠢᠯᠠᠨ᠂ ᠨᠠᠷᠢᠨ ᠵᠦᠢᠯᠡᠰ ᠠᠴᠠ ᠭᠠᠷᠳᠠᠵᠤ᠂ ᠰᠠᠭᠤᠭᠠᠯᠢ ᠠᠷᠠᠳ ᠲᠤ ᠪᠥᠬᠦ ᠲᠠᠯ᠎ᠠ ᠪᠠᠷ ᠦᠢᠯᠡᠴᠢᠯᠡᠬᠦ ᠶᠢᠨ ᠲᠥᠯᠥᠭᠡ ᠶᠤᠮ᠃ ᠥᠮᠴᠢᠲᠡᠨ ᠳᠤ ᠰᠠᠶᠢᠨ ᠰᠠᠶᠢᠬᠠᠨ ᠲᠠᠮᠢᠷ ᠤᠨ ᠬᠥᠳᠡᠯᠭᠡᠭᠡᠨ ᠤ ᠲᠠᠪᠴᠠᠩ ᠬᠠᠩᠭᠠᠬᠤ ᠶᠢᠨ ᠲᠥᠯᠥᠭᠡ᠂ ᠬᠤᠯᠪᠣᠭᠳᠠᠯ ᠪᠦᠬᠦᠢ ᠨᠡᠶᠢᠭᠡᠮ ᠲᠣᠭᠤᠷᠢᠭ ᠪᠣᠯᠣᠨ ᠢ ᠵᠢᠶᠠ ᠠᠳᠠᠯ ᠠᠬᠤᠢ ᠬᠠᠮᠲᠤ ᠪᠠᠷ ᠫᠢᠩᠫᠠᠩ ᠪᠥᠮᠪᠦᠭᠡ ᠶᠢᠨ ᠤᠷᠤᠯᠳᠤᠭᠠᠨ᠂ ᠰᠢᠲᠠᠷ᠎ᠠ ᠶᠢᠨ ᠤᠷᠤᠯᠳᠤᠭᠠᠨ᠂ ᠰᠣᠨᠢᠷᠬᠠᠯᠳᠤ ᠲᠠᠮᠢᠷ ᠤᠨ ᠴᠤᠭᠯᠠᠭᠠᠨ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠬᠦᠷᠢᠶᠡᠯᠡᠯ ᠢ ᠣᠯᠣᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号