ᠲᠦᠴᠢᠦᠸᠠᠨ ᠰᠢᠶᠠᠨ 2023 ᠣᠨ ᠤ ᠬᠠᠶᠢᠷ᠎ᠠ ᠬᠠᠯᠠᠮᠵᠢ ᠶᠢᠨ ᠪᠣᠭᠤᠳᠠᠯ ᠪᠠᠭᠯᠠᠭ᠎ᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠪᠡᠯᠡᠭᠯᠡᠨ ᠬᠦᠷᠭᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/3/21
   ᠣᠶᠢᠷ᠎ᠠ ᠳᠤ᠂ ︽ᠵᠢᠵᠢᠭ ᠪᠣᠭᠤᠳᠠᠯ︾ ᠨᠢ ︽ᠶᠡᠭᠡ ᠬᠠᠶᠢᠷ᠎ᠠ︾ ᠶᠢ ᠠᠴᠢᠶᠠᠯᠠᠬᠤ ︱ ︱ 2023 ᠣᠨ ᠤ ᠬᠠᠶᠢᠷ᠎ᠠ ᠬᠠᠯᠠᠮᠵᠢ ᠶᠢᠨ ᠪᠣᠭᠤᠳᠠᠯ ᠤᠨ ᠲᠥᠷᠥᠯ ᠵᠦᠢᠯ ᠤᠨ ᠰᠦᠯᠵᠢᠶᠡᠨ ᠳᠡᠭᠡᠷᠡᠬᠢ ᠪᠡᠯᠡᠭᠯᠡᠨ ᠬᠦᠷᠭᠡᠬᠦ ᠶᠣᠰᠣᠯᠠᠯ ᠲᠦᠴᠢᠦᠸᠠᠨ ᠰᠢᠶᠠᠨ ᠤ ᠲᠠᠶᠢᠳᠦᠩ ᠭᠤᠣᠯ ᠪᠠᠭ᠎ᠠ ᠰᠤᠷᠭᠠᠭᠤᠯᠢ ᠳᠤ ᠶᠠᠪᠤᠭᠳᠠᠪᠠ᠃ ᠲᠣᠰ ᠤᠳᠠᠭᠠᠨ ᠤ ᠬᠠᠨᠳᠢᠪᠯᠡᠨ ᠬᠦᠷᠭᠡᠬᠦ ᠠᠵᠢᠯᠯᠠᠭ᠎ᠠ ᠶᠢ ᠹᠠᠩ ᠱᠠᠨ ᠤ ᠠᠵᠢᠯ ᠮᠡᠷᠭᠡᠵᠢᠯ ᠤᠨ ᠰᠤᠷᠭᠠᠭᠤᠯᠢ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯᠣᠨ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠬᠠᠮᠲᠤᠷᠠᠨ ᠳᠠᠭᠠᠭᠠᠴᠢᠯᠠᠨ ᠡᠷᠭᠢᠯᠡᠪᠡ᠃    ᠹᠠᠩ ᠱᠠᠨ ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠯᠢᠶᠠᠩ ᠴᠢᠩ 2021 ᠣᠨ ᠳᠤ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠨᠢᠭᠡ ᠵᠢᠯ ᠲᠤᠰᠢᠶᠠᠯ ᠡᠭᠦᠷᠭᠡᠯᠡᠨ ᠪᠠᠭᠰᠢᠯᠠᠵᠤ ᠥᠩᠭᠡᠷᠡᠪᠡ᠃ ᠰᠤᠷᠭᠠᠨ ᠬᠥᠮᠦᠵᠢᠯ ᠢ ᠳᠡᠮᠵᠢᠬᠦ ᠬᠤᠭᠤᠴᠠᠭᠠᠨ ᠳᠤ ︽ᠹᠠᠩ ᠱᠠᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ ᠨᠣᠭᠤᠭᠠᠨ ᠲᠣᠷᠭᠠᠨ ᠪᠦᠴᠡ ᠶᠢᠨ ᠰᠠᠶᠢᠨ ᠳᠤᠷ᠎ᠠ ᠶᠢᠨ ᠪᠦᠯᠬᠦᠮ︾ ᠢ ᠲᠥᠯᠥᠭᠡᠯᠡᠨ ᠲᠡᠳᠡᠨ ᠤ ᠬᠤᠪᠢ ᠬᠥᠮᠥᠨ ᠤ ᠬᠤᠳᠠᠯᠳᠤᠨ ᠠᠪᠤᠭᠰᠠᠨ ᠵᠠᠭᠤ ᠭᠠᠷᠤᠢ ᠬᠥᠭᠵᠢᠮᠳᠡᠭᠦᠷ ᠢ ᠪᠡᠯᠡᠭᠯᠡᠨ ᠬᠦᠷᠭᠡᠭᠰᠡᠨ ᠪᠠᠶᠢᠨ᠎ᠠ᠃ ᠰᠤᠷᠭᠠᠨ ᠬᠥᠮᠦᠵᠢᠯ ᠢ ᠳᠡᠮᠵᠢᠵᠦ ᠳᠠᠭᠤᠰᠤᠭᠰᠠᠨ ᠤ ᠳᠠᠷᠠᠭ᠎ᠠ᠂ ᠲᠡᠷᠡ ᠮᠥᠨ ᠬᠦ ᠲᠦᠴᠢᠦᠸᠠᠨ ᠳᠤ ᠰᠡᠳᠬᠢᠯ ᠵᠢᠷᠦᠬᠡ ᠪᠠᠨ ᠬᠤᠯᠪᠣᠵᠤ᠂ ᠲᠦᠴᠢᠦᠸᠠᠨ ᠰᠢᠶᠠᠨ ᠤ ᠲᠠᠶᠢᠳᠦᠩ ᠭᠤᠣᠯ ᠪᠠᠭ᠎ᠠ ᠰᠤᠷᠭᠠᠭᠤᠯᠢ ᠶᠢᠨ 979 ᠰᠤᠷᠤᠭᠴᠢᠳ ᠲᠤ ︽ᠬᠠᠶᠢᠷ᠎ᠠ ᠬᠠᠯᠠᠮᠵᠢ ᠶᠢᠨ ᠪᠣᠭᠤᠳᠠᠯ︾ ᠣᠯᠵᠤ ᠥᠭᠴᠡᠢ᠃    ᠬᠠᠶᠢᠷ᠎ᠠ ᠬᠠᠯᠠᠮᠵᠢ ᠶᠢᠨ ᠪᠤᠭᠤᠳᠠᠯ ᠬᠦᠷᠭᠡᠬᠦ ᠲᠥᠷᠥᠯ ᠵᠦᠢᠯ ᠪᠣᠯ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠵᠢᠯᠣᠭᠤᠳᠤᠯᠭ᠎ᠠ ᠳᠣᠣᠷ᠎ᠠ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ CCTV ᠺᠢᠨᠣ᠋ ᠶᠢᠨ ᠰᠤᠪᠠᠭ ᠲᠠᠢ ᠬᠠᠮᠲᠤᠷᠠᠨ 2009 ᠣᠨ ᠤ 4 ᠰᠠᠷ᠎ᠠ ᠶᠢᠨ 26 ᠤ ᠡᠳᠦᠷ ᠬᠠᠮᠲᠤ ᠪᠠᠷ ᠡᠭᠦᠰᠬᠡᠭᠰᠡᠨ ᠨᠢᠭᠡ ᠵᠦᠢᠯ ᠤᠨ ᠪᠥᠬᠦ ᠠᠷᠠᠳ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ᠎ᠠ᠃ ᠲᠦᠷᠦᠯ ᠵᠦᠢᠯ ᠨᠢ ᠬᠥᠭᠵᠢᠭᠡᠳᠦᠢ ᠭᠠᠵᠠᠷ ᠣᠷᠣᠨ ᠵᠢᠴᠢ ᠭᠠᠮᠰᠢᠭᠳᠠᠭᠰᠠᠨ ᠣᠷᠣᠨ ᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠥᠭᠵᠢᠯᠲᠡ ᠪᠣᠯᠣᠨ ᠰᠤᠷᠤᠯᠭ᠎ᠠ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠵᠤ᠂ ᠨᠡᠶᠢᠭᠡᠮ ᠤᠨ ᠬᠦᠴᠦᠨ ᠢ ᠳᠠᠶᠢᠴᠢᠯᠠᠨ ᠬᠠᠶᠢᠷ᠎ᠠ ᠬᠠᠯᠠᠮᠵᠢ ᠶᠢᠨ ᠪᠣᠭᠤᠳᠠᠯ ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ ᠬᠡᠦᠬᠡᠳ ᠤᠳ ᠲᠤ ᠨᠢᠭᠡ ᠨᠢᠭᠡ ᠶᠢᠨ ᠬᠠᠶᠢᠷ᠎ᠠ ᠬᠠᠯᠠᠮᠵᠢ ᠬᠦᠷᠭᠡᠵᠦ᠂ ᠲᠡᠳᠡᠨ ᠤ ᠪᠠᠭ᠎ᠠ ᠨᠠᠰᠤᠨ ᠳᠤ ᠬᠠᠶᠢᠷ᠎ᠠ ᠶᠢᠨ ᠦᠷ᠎ᠡ ᠶᠢ ᠪᠤᠯᠠᠵᠤ᠂ ᠬᠡᠦᠬᠡᠳ ᠤᠨ ︽ᠬᠤᠣᠰ ᠦᠭᠡᠢ ᠪᠠᠭᠠᠲᠤᠷ︾ ᠪᠣᠯᠵᠤ᠂ ᠬᠡᠦᠬᠡᠳ ᠤᠨ ᠬᠦᠰᠡᠯ ᠵᠡᠭᠦᠳᠦ ᠶᠢ ᠬᠠᠮᠠᠭᠠᠯᠠᠵᠤ ᠥᠭᠬᠦ ᠪᠣᠯᠣᠨ᠎ᠠ᠃    ᠲᠠᠶᠢᠳᠦ᠋ᠩ ᠭᠤᠣᠯ ᠪᠠᠭ᠎ᠠ ᠰᠤᠷᠭᠠᠭᠤᠯᠢ ᠶᠢᠨ ᠳ᠋ᠠᠢ ᠸᠧᠢ ᠪᠥᠸᠧ ᠠᠴᠠ ᠪᠦᠬᠦ ᠰᠤᠷᠤᠭᠴᠢᠳ ᠢ ᠲᠥᠯᠥᠭᠡᠯᠡᠨ ᠲᠠᠯᠠᠷᠬᠠᠯ ᠤᠨ ᠦᠭᠡ ᠬᠡᠯᠡᠭᠰᠡᠨ ᠪᠥᠭᠡᠳ᠄ ︽ᠬᠠᠶᠢᠷ᠎ᠠ ᠬᠠᠯᠠᠮᠵᠢ ᠶᠢᠨ ᠪᠤᠤᠬᠢᠶ᠎ᠠ ᠶᠢ ᠵᠠᠯᠭᠠᠨ ᠠᠪᠴᠢᠷᠠᠵᠤ᠂ ᠤᠯᠠᠮᠵᠢᠯᠠᠨ᠂ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠬᠥᠬᠡ ᠮᠥᠷᠡᠨ ᠤ ᠤᠰᠤ ᠬᠠᠲᠤᠨ ᠭᠤᠣᠯ ᠤᠨ ᠳᠠᠪᠠᠯᠭᠠᠨ ᠮᠡᠲᠦ ᠲᠠᠰᠤᠷᠠᠯᠲᠠ ᠦᠭᠡᠢ ᠦᠷᠭᠦᠯᠵᠢᠯᠡᠭᠦᠯᠵᠦ᠂ ᠰᠤᠷᠤᠭᠴᠢᠳ ᠯᠠᠪᠲᠠᠢ ᠡᠭᠦᠨ ᠢᠶᠠᠷ ᠦᠯᠢᠭᠡᠷ ᠳᠠᠭᠤᠷᠢᠶᠠᠯ ᠪᠣᠯᠭᠠᠵᠤ᠂ ᠠᠯᠤᠰ ᠬᠡᠳᠦ ᠶᠢᠨ ᠬᠦᠰᠡᠯᠡᠩ ᠢ ᠪᠤᠶ ᠪᠣᠯᠭᠠᠵᠤ᠂ ᠴᠢᠷᠮᠠᠶᠢᠨ ᠰᠤᠷᠤᠯᠴᠠᠵᠤ᠂ ᠥᠭᠡᠳᠡᠯᠡᠨ ᠳᠠᠪᠰᠢᠬᠤ ᠪᠠᠷ ᠴᠢᠷᠮᠠᠶᠢᠬᠤ ᠶᠤᠮ︾ ᠭᠡᠵᠦ ᠰᠠᠨᠠᠭᠠᠴᠢᠯᠠᠵᠠᠢ᠃    ᠲᠦᠴᠢᠦᠸᠠᠨ ᠰᠢᠶᠠᠨ ᠤ ᠲᠠᠶᠢᠳᠦ᠋ᠩ ᠭᠤᠣᠯ ᠪᠠᠭ᠎ᠠ ᠰᠤᠷᠭᠠᠭᠤᠯᠢ ᠶᠢᠨ ᠰᠤᠷᠤᠭᠴᠢᠳ ᠪᠣᠭᠤᠳᠠᠯ ᠢ ᠣᠯᠣᠭᠰᠠᠨ ᠤ ᠳᠠᠷᠠᠭ᠎ᠠ ᠬᠥᠮᠥᠨ ᠪᠣᠯᠭᠠᠨ ᠤ ᠴᠢᠷᠠᠢ ᠳᠤ ᠳᠣᠭᠳᠣᠯᠤᠭᠰᠠᠨ ᠪᠠᠶᠠᠷᠲᠤ ᠢᠨᠢᠶᠡᠮᠰᠦᠭᠯᠡᠯ ᠪᠢᠯᠬᠠᠵᠤ᠂ ᠣᠯᠣᠭᠰᠠᠨ ᠬᠠᠶᠢᠷ᠎ᠠ ᠬᠠᠯᠠᠮᠵᠢ ᠶᠢᠨ ᠪᠣᠭᠤᠳᠠᠯ ᠢ ᠲᠣᠯᠣᠭᠠᠢ ᠶᠢᠨ ᠣᠷᠣᠢ ᠠᠴᠠ ᠪᠠᠨ ᠥᠨᠳᠥᠷ ᠡᠷᠭᠦᠵᠦ ᠪᠠᠶᠢᠯ᠎ᠠ᠃ ᠪᠣᠭᠤᠳᠠᠯ ᠪᠠᠭᠯᠠᠭ᠎ᠠ ᠨᠢ ᠥᠴᠥᠬᠡᠨ ᠬᠦᠰᠡᠯ ᠢ ᠳᠠᠮᠵᠢᠭᠤᠯᠵᠤ ᠪᠠᠶᠢᠭ᠎ᠠ ᠪᠥᠭᠡᠳ ᠬᠡᠦᠬᠡᠳ ᠤᠨ ᠬᠦᠰᠡᠯ ᠮᠥᠷᠥᠭᠡᠳᠦᠯ  ᠢ ᠴᠦ ᠳᠠᠮᠵᠢᠭᠤᠯᠵᠤ ᠪᠠᠶᠢᠭ᠎ᠠ ᠶᠤᠮ᠃    2018 ᠣᠨ ᠳᠤ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ︾ ᠶᠢᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠲᠦᠴᠢᠦᠸᠠᠨ ᠰᠢᠶᠠᠨ ᠤ 15 ᠰᠤᠷᠭᠠᠭᠤᠯᠢ ᠪᠡᠭᠡᠵᠢᠩ ᠬᠤᠳᠠ ᠶᠢᠨ ᠹᠠᠩ ᠱᠠᠨ ᠲᠣᠭᠤᠷᠢᠭ ᠤᠨ 31 ᠰᠤᠷᠭᠠᠭᠤᠯᠢ ᠲᠠᠢ ᠪᠠᠭᠰᠢ ᠰᠤᠷᠤᠭᠴᠢᠳ ᠤᠨ ᠰᠤᠳᠤᠯᠤᠨ ᠰᠤᠷᠤᠯᠴᠠᠬᠤ᠂ ᠬᠤᠤᠰᠯᠠᠭᠰᠠᠨ ᠰᠤᠷᠭᠠᠭᠤᠯᠢ ᠪᠠᠶᠢᠭᠤᠯᠬᠤ᠂ ᠳᠠᠪᠠᠭᠤᠯᠢᠭ ᠡᠬᠢ ᠪᠠᠶᠠᠯᠢᠭ ᠢ ᠬᠠᠮᠲᠤᠪᠠᠷ ᠡᠳ᠋ᠯᠡᠬᠦ ᠵᠡᠷᠭᠡ ᠤᠯᠠᠨ ᠬᠦᠷᠢᠶᠡᠨ ᠳᠤ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠪᠦᠬᠦ ᠰᠢᠶᠠᠨ ᠤ ᠠᠷᠪᠠᠨ ᠬᠡᠳᠦᠨ ᠰᠤᠷᠭᠠᠭᠤᠯᠢ᠂ 1.5 ᠲᠦᠮᠡ ᠭᠠᠷᠤᠢ ᠪᠠᠭᠰᠢ ᠰᠤᠷᠤᠭᠴᠢᠳ ᠢ ᠲᠠᠶᠢᠴᠢᠯᠠᠨ ᠠᠰᠢᠭ ᠬᠦᠷᠳᠡᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号