3 ᠳ᠋ᠤᠭᠠᠷ ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠬᠢᠭᠡᠳ ᠤᠯᠤᠰ ᠤᠨ ᠴᠠᠬᠢᠯᠭᠠᠨ | ᠲᠣᠤᠷ ᠤᠨ ᠦᠪᠦᠷ ᠮᠤᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠶᠠᠷᠢᠯᠴᠠᠬᠤ ᠬᠤᠷᠠᠯ ᠬᠢᠵᠦ᠂ | ᠬᠤᠶᠠᠷ ᠲᠠᠯ᠎ᠠ ᠪᠠᠷ ᠢᠶᠠᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ᠂ ᠬᠠᠮᠲᠤᠷᠠᠯᠴᠠᠭ᠎ᠠ ᠪᠠᠨ | ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ᠠᠶᠢᠮᠠᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠶᠠᠷᠢᠯᠴᠠᠬᠤ ᠬᠤᠷᠠᠯ ᠢ ᠡᠷᠭᠢᠯᠡᠪᠡ᠃ ᠤᠯᠤᠰ ᠤᠨ | ᠴᠠᠬᠢᠯᠭᠠᠨ ᠬᠦᠴᠦᠨ ᠤ ᠺᠣᠮᠫᠠᠨᠢ ᠶᠢᠨ ᠦᠪᠦᠷ ᠮᠤᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ | ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠴᠧᠩ ᠰᠥᠩ᠂ ᠠᠶᠢᠮᠠᠭ ᠤᠨ ᠤᠳᠤᠷᠢᠳᠤᠯᠭ᠎ᠠ ᠵᠢᠶᠠᠩ ᠲᠢᠶᠠᠨ | ᠬᠤ᠂ ᠯᠢᠶᠠᠩ ᠶᠠᠨ ᠵᠢᠶᠦ᠋ᠨ ᠬᠤᠷᠠᠯ ᠳᠤ ᠣᠷᠣᠯᠴᠠᠵᠠᠶ᠃ | ᠰᠦᠬᠡ ᠵᠠᠩ ᠴᠧᠩ ᠰᠦᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠤᠢᠢᠷ᠎ᠠ ᠶᠢᠨ | ᠵᠢᠯ ᠠᠴᠠ᠂ ᠤᠯᠤᠰ ᠤᠨ ᠴᠠᠬᠢᠯᠭᠠᠨ ᠲᠣᠣᠷ ᠤᠨ ᠦᠪᠦᠷ ᠮᠤᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ | ᠺᠣᠮᠫᠠᠨᠢ ᠶᠢᠨ ᠬᠦᠴᠦᠲᠡᠢ ᠳᠡᠮᠵᠢᠯᠭᠡ ᠳᠣᠣᠷ᠎ᠠ᠂ ᠬᠢᠩᠭᠠᠨ ᠠᠶᠢᠮᠠᠭ ᠤᠨ ᠴᠠᠬᠢᠯᠭᠠᠨ ᠲᠣᠣᠷ ᠤᠨ ᠪᠦᠲᠦᠴᠡ | ᠦᠷᠭᠦᠯᠵᠢᠯᠡᠨ ᠲᠡᠭᠦᠯᠳᠡᠷᠵᠢᠵᠦ᠂ ᠮᠠᠰᠢᠨ ᠴᠣᠭᠴᠠᠯᠠᠪᠤᠷᠢ ᠶᠢᠨ ᠬᠡᠪᠴᠢ᠊ ᠡᠶ᠎ᠡ ᠲᠠᠰᠤᠷᠠᠯᠳᠡ ᠦᠭᠡᠢ ᠥᠷᠭᠡᠳᠴᠦ᠂ | ᠡᠨᠧᠷᠭᠢ ᠶᠢᠨ ᠲᠦᠷᠦᠯ ᠵᠦᠢᠯ ᠲᠣᠭᠲᠠᠭᠤᠨ ᠢᠶᠠᠷ ᠠᠬᠢᠵᠠᠢ᠃ ᠬᠤᠶᠢᠰᠢᠳᠠ ᠶᠢᠨ ᠬᠥᠭᠵᠢᠯᠲᠡ ᠶᠢᠨ ᠶᠠᠪᠤᠴᠠ ᠳᠤ᠂ | ᠬᠢᠩᠭᠠᠨ ᠠᠶᠢᠮᠠᠭ ᠤᠨ ᠬᠢᠨ ᠤᠯᠤᠰ ᠤᠨ ᠴᠠᠬᠢᠯᠭᠠᠨ ᠲᠣᠣᠷ ᠤᠨ ᠦᠪᠦᠷ ᠮᠤᠩᠭᠤᠯ ᠤᠨ ᠵᠡᠭᠦᠨ ᠬᠡᠰᠡᠭ ᠤᠨ | ᠴᠠᠬᠢᠯᠭᠠᠨ ᠬᠦᠴᠦᠨ ᠤ ᠺᠣᠮᠫᠠᠨᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ᠂ | ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠨᠡᠩ ᠰᠢᠯᠢᠳᠡᠭ | ᠦᠢᠯᠡᠴᠢᠯᠡᠭᠡ ᠬᠠᠩᠭᠠᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ | ᠬᠦᠷᠳᠡᠬᠦ ᠶᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠪᠠᠶᠢᠩᠭᠤᠵᠢᠭᠰᠠᠨ ᠤᠯᠤᠯᠴᠠᠬᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠠᠵᠢᠯ ᠤᠨ ᠬᠠᠮᠲᠤᠷᠠᠯ ᠬᠦᠴᠦᠨ ᠢ | ᠪᠦᠷᠢᠯᠳᠦᠭᠦᠯᠵᠦ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠲᠠᠬᠢᠨ ᠰᠢᠨ᠎ᠡ ᠳᠡᠭᠲᠡᠷ ᠲᠤ | ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠵᠠᠩ ᠴᠧᠩ ᠰᠦᠩ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠵᠢᠴᠢ | ᠠᠵᠢᠯ ᠢ ᠠᠬᠢᠭᠤᠯᠬᠤ ᠲᠥᠯᠥᠪᠯᠡᠭᠡ ᠶᠢ ᠲᠠᠨᠢᠯᠴᠠᠭᠤᠯᠪᠠ᠃ ᠲᠡᠷᠡ᠂ ᠬᠢᠩᠭᠠᠨ ᠠᠶᠢᠮᠠᠭ ᠤᠨ ᠰᠢᠨ᠎ᠡ ᠡᠨᠧᠷᠭᠢ ᠶᠢᠨ | ᠠᠵᠤ ᠦᠢᠯᠡᠰ ᠤᠨ ᠰᠠᠭᠤᠷᠢ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠤᠯᠤᠰ ᠤᠨ | ᠴᠠᠬᠢᠯᠭᠠᠨ ᠲᠣᠣᠷ ᠤᠨ ᠦᠪᠦᠷ ᠮᠤᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠨᠡᠶᠢᠭᠡᠮ ᠤᠨ | ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ ᠭᠦᠢᠴᠡᠳᠬᠡᠵᠦ᠂ ᠴᠠᠬᠢᠯᠭᠠᠨ ᠤ ᠲᠣᠣᠷ ᠤᠨ ᠪᠡᠯᠡ | ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠡᠯ᠎ᠡ | ᠵᠦᠢᠯ ᠤᠨ ᠴᠠᠬᠢᠯᠭᠠᠨ ᠤ ᠲᠣᠣᠷ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠴᠡᠪᠡᠷ ᠡᠨᠧᠷᠭᠢ ᠶᠢᠨ ᠲᠦᠷᠦᠯ | ᠵᠦᠢᠯ ᠤᠨ ᠢᠵᠢ ᠪᠦᠷᠢᠳᠦᠭᠦᠯᠬᠦ ᠪᠦᠳᠦᠭᠡᠨ ᠪᠠᠶᠢᠭᠤᠯᠤᠯᠲᠠ ᠵᠢᠴᠢ ᠲᠠᠷᠢᠶᠠᠯᠠᠩ ᠤᠨ ᠳᠤᠬᠢᠷᠠᠭᠤᠯᠤᠯᠳᠠ ᠶᠢᠨ | ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠪᠡ᠃ | ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ ᠴᠠᠬᠢᠯᠭᠠᠨ ᠬᠦᠴᠦᠨ ᠤ ᠺᠣᠮᠫᠠᠨᠢ ᠪᠣᠯᠤᠨ ᠬᠢᠩᠭᠠᠨ | ᠠᠶᠢᠮᠠᠭ ᠲᠤ ᠰᠠᠭᠤᠭ᠎ᠠ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ | ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ | ᠬᠤᠷᠠᠯ ᠳᠤ ᠣᠷᠣᠯᠴᠠᠪᠠ᠃ | |