ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠤᠳᠤᠷᠢᠳᠬᠤ ᠪᠠᠭ ᠰᠢᠨ᠎ᠡ ᠪᠠᠷ ᠲᠣᠮᠢᠯᠠᠭᠰᠠᠨ ᠠᠵᠢᠯ ᠤᠨ ᠵᠦᠪᠯᠡᠯ ᠤᠨ ᠭᠡᠰᠢᠭᠦᠳ ᠲᠠᠢ ᠬᠠᠮᠲᠤ ᠶᠢᠨ ᠶᠠᠷᠢᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/22
   3 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠤᠳᠤᠷᠢᠳᠬᠤ ᠪᠠᠭ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠠᠵᠢᠯ ᠤᠨ ᠵᠦᠪᠯᠡᠯ ᠤᠨ ᠭᠡᠰᠢᠭᠦᠳ ᠲᠠᠢ ᠬᠠᠮᠲᠤ ᠶᠢᠨ ᠶᠠᠷᠢᠯᠴᠠᠭ᠎ᠠ ᠥᠷᠨᠢᠭᠦᠯᠵᠦ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃ ᠳᠡᠳ᠋ ᠡᠷᠬᠢᠯᠡᠭᠴᠢ ᠲᠦᠩ ᠪᠦᠷᠢᠨ᠂ ᠪᠦ᠋ᠦ ᠰᠢᠨ ᠮᠢᠨ᠂ ᠯᠢ ᠰᠢᠶᠤᠤ ᠭᠤᠸᠠᠩ᠂ ᠭᠦᠸᠧ ᠲᠠᠩ᠂ ᠯᠢᠦ ᠵᠥᠩ ᠬᠤᠷᠠᠯ ᠳᠤ ᠣᠷᠣᠯᠴᠠᠪᠠ᠃    ᠰᠢᠤᠢ ᠵᠦᠸᠧ ᠠᠵᠢᠯ ᠤᠨ ᠺᠣᠮᠢᠰ ᠤᠨ ᠪᠠᠭ ᠢ ᠲᠥᠯᠥᠭᠡᠯᠡᠨ ᠠᠵᠢᠯ ᠤᠨ ᠺᠣᠮᠢᠰ ᠤᠨ ᠭᠡᠰᠢᠭᠦᠨ ᠢ ᠰᠢᠨ᠎ᠡ ᠪᠠᠷ ᠲᠣᠮᠢᠯᠠᠬᠤ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠵᠤ᠂ ᠤᠯᠤᠰ ᠲᠦᠷᠦ ᠶᠢᠨ ᠤᠬᠠᠮᠰᠠᠷ ᠢᠶᠠᠨ ᠨᠡᠮᠡᠭᠳᠡᠭᠦᠯᠦᠨ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠶ᠃ ᠦᠨᠳᠦᠰᠦᠨ ᠬᠠᠤᠯᠢ᠂ ᠬᠠᠤᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠨ ᠰᠠᠬᠢᠵᠤ᠂ ᠠᠷᠠᠳᠴᠢᠯᠠᠯ ᠤᠨ ᠠᠷᠭ᠎ᠠ ᠵᠠᠮ ᠢ ᠥᠷᠭᠡᠳᠬᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠴᠠᠭ ᠲᠤᠬᠠᠢ ᠳᠤᠨᠢ ᠤᠯᠠᠨ ᠲᠦᠮᠡᠨ ᠤ ᠰᠠᠨᠠᠯ ᠢ ᠰᠣᠨᠣᠰᠴᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠬᠠᠤᠯᠢ ᠴᠠᠭᠠᠵᠠ ᠠᠴᠠ ᠣᠯᠭᠤᠭᠰᠠᠨ ᠡᠷᠬᠡ ᠲᠤᠰᠢᠶᠠᠯ ᠢ ᠵᠥᠪ ᠣᠨᠣᠪᠴᠢᠲᠠᠢ ᠬᠡᠷᠡᠭᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号