3 ᠰᠠᠷ᠎ᠠ ᠶᠢᠨ 20 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ | ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 4 ᠳ᠋ᠣᠭᠡᠷ ᠤᠳᠠᠭ᠎ᠠ ᠶᠢᠨ | ᠲᠤᠰᠬᠠᠶ ᠰᠡᠳᠦᠪᠲᠦ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ | ᠪᠣᠯᠤᠨ ᠪᠦᠬᠦ ᠠᠶᠢᠮᠠᠭ ᠤᠨ ᠪᠦᠬᠦ ᠤᠯᠤᠰ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ | ᠴᠣᠭᠴᠠᠯᠠᠨ ᠪᠠᠶᠢᠭᠤᠯᠬᠤ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠤᠨ ᠲᠠᠶᠢᠴᠢᠯᠠᠯᠳᠠ ᠶᠢᠨ ᠶᠡᠭᠡ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠮᠠᠨ ᠤ ᠠᠶᠢᠮᠠᠭ ᠤᠨ ᠪᠥᠬᠦ ᠤᠯᠤᠰ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ | ᠡᠭᠦᠳᠦᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠤᠨ ᠲᠤᠬᠠᠶ ᠣᠯᠠᠨ ᠤ ᠰᠠᠨᠠᠯ ᠢ ᠬᠤᠷᠢᠶᠠᠵᠤ᠂ | ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠠᠮᠢᠶ᠎ᠠ ᠪᠥᠬᠦᠶ | ᠠᠵᠢᠯ ᠢ ᠪᠠᠶᠢᠷᠢᠯᠠᠭᠤᠯᠪᠠ᠃ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠬᠤᠷᠠᠯ ᠳᠤ ᠣᠷᠣᠯᠴᠠᠵᠤ᠂ ᠠᠵᠢᠯ ᠤᠨ ᠵᠦᠪᠯᠡᠯ ᠤᠨ ᠤᠳᠤᠷᠢᠳᠬᠤ ᠪᠠᠭ ᠤᠨ ᠬᠤᠯᠪᠣᠭᠳᠠᠯ ᠪᠦᠬᠦᠢ ᠪᠦᠷᠢᠯᠳᠦᠬᠦᠨ᠂ | ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠢᠰᠲ᠋ᠧᠮ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ | ᠳᠣᠤᠷ᠎ᠠ᠂ ᠪᠥᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ | ᠤᠬᠠᠮᠰᠠᠷ ᠢ ᠡᠭᠦᠳᠦᠨ ᠪᠠᠶᠢᠭᠤᠯᠵᠤ ᠵᠢᠱᠢᠶ᠎ᠡ ᠦᠵᠡᠭᠦᠯᠬᠦ ᠠᠶᠢᠮᠠᠭ ᠤᠨ ᠡᠯ᠎ᠡ ᠵᠦᠢᠯ ᠤᠨ ᠠᠵᠢᠯ ᠳᠤ ᠢᠳᠡᠪᠬᠢᠲᠡᠶ | ᠣᠷᠣᠯᠴᠠᠬᠤ ᠬᠡᠷᠡᠭᠲᠡᠶ ᠭᠡᠪᠡ᠃ | |