ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ 3 ᠳ᠋ᠤᠭᠠᠷ ᠤᠳᠠᠭ᠎ᠠ ᠶᠢᠨ ᠥᠷᠭᠡᠳᠬᠡᠭᠰᠡᠨ ᠰᠤᠷᠤᠯᠴᠠᠯᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2023/3/24
   3 ᠰᠠᠷ᠎ᠠ ᠶᠢᠨ 20 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ 3 ᠳ᠋ᠤᠭᠠᠷ ᠤᠳᠠᠭ᠎ᠠ ᠶᠢᠨ ᠥᠷᠭᠡᠳᠬᠡᠭᠰᠡᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠭᠤᠣᠯ ᠳᠤᠭᠤᠶᠢᠯᠠᠩ ᠤᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃    ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠢ ᠪᠥᠬᠦ ᠲᠠᠯ᠎ᠠ ᠪᠠᠷ ᠡᠵᠡᠮᠳᠡᠵᠦ ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠶᠢᠨ ᠬᠠᠮᠲᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠰᠣᠯᠢᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠡᠳᠬᠢᠮᠵᠢ ᠪᠠᠨ ᠡᠮᠬᠢᠯᠡᠨ᠎ᠡ᠃ ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ ︾ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠠᠯ᠎ᠠ ᠪᠠᠷ ᠠᠮᠵᠢᠯᠲᠠ ᠪᠦᠲᠦᠮᠵᠢ ᠭᠠᠷᠭᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号