ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠰᠤᠷᠭᠠᠭᠤᠯᠢ ᠶᠢᠨ ᠬᠦᠷᠢᠶᠡᠨ ᠳᠤ ᠣᠷᠣᠵᠤ ︽ᠬᠡᠤᠬᠡᠳ ᠪᠠᠭᠠᠴᠤᠳ︾ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2023/3/25
   ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠢ ᠭᠦᠨᠵᠡᠭᠡᠢ ᠥᠷᠨᠢᠭᠦᠯᠵᠦ᠂ ᠰᠤᠷᠤᠭᠴᠢᠳ ᠤᠨ ᠠᠮᠤᠷ ᠲᠦᠪᠰᠢᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠲᠦᠴᠢᠦᠸᠠᠨ ᠰᠢᠶᠠᠨ ᠤ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠯᠢ ᠮᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢ ᠤᠷᠢᠵᠤ ᠰᠤᠷᠤᠭᠴᠢᠳ ᠲᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠯᠭᠡᠵᠡᠢ᠃    ᠲᠠᠶᠢᠯᠤᠮᠵᠢ ᠳᠤ᠂ ᠯᠢ ᠮᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠠᠮᠢᠳᠤᠷᠠᠯ ᠤᠨ ᠳᠤᠮᠳᠠᠬᠢ ᠪᠣᠳᠠᠲᠤ ᠵᠢᠱᠢᠶ᠎ᠡ ᠲᠠᠢ ᠤᠶᠠᠯᠳᠤᠭᠤᠯᠤᠨ ᠬᠠᠤᠯᠢ ᠳᠦᠷᠢᠮ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠪᠠ ᠡᠳᠦᠷ ᠲᠤᠲᠤᠮ ᠤᠨ ᠦᠶᠯᠡ ᠠᠵᠢᠯᠯᠠᠭ᠎ᠠ ᠵᠡᠷᠭᠡ ᠠᠰᠠᠭᠤᠳᠠᠯ ᠤᠨ ᠴᠢᠬᠤᠯᠠ ᠴᠢᠨᠠᠷ ᠢ ᠣᠯᠠᠨ ᠳᠤ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ ᠰᠤᠷᠤᠭᠴᠢ ᠶᠢᠨ ᠨᠠᠰᠤᠨ ᠤ ᠣᠨᠴᠠᠯᠢᠭ ᠢ ᠦᠨᠳᠦᠰᠦᠯᠡᠨ᠂ ᠨᠢᠭᠡ ᠨᠢᠭᠡ ᠠᠮᠢᠳᠤᠯᠢᠭ ᠪᠣᠳᠠᠲᠠᠢ ᠬᠡᠷᠡᠭ ᠤᠨ ᠵᠢᠱᠢᠶ᠎ᠡ ᠪᠠᠷ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠰᠤᠷᠤᠭᠴᠢᠳ ᠲᠤ ᠠᠮᠢᠳᠤᠯᠢᠭ ᠲᠣᠳᠣᠷᠬᠠᠶᠢᠯᠠᠯᠲᠠ ᠬᠢᠵᠦ᠂ ᠰᠤᠷᠤᠭᠴᠢᠳ ᠢ ᠵᠢᠯᠣᠭᠤᠳᠤᠨ ᠬᠠᠪᠰᠤᠷᠴᠤ ᠡᠷᠡᠭᠦᠯ ᠰᠡᠳᠬᠢᠴᠡ ᠶᠢ ᠬᠥᠮᠥᠵᠢᠭᠦᠯᠬᠦ ᠪᠠ ᠵᠥᠪ ᠠᠮᠢᠳᠤᠷᠠᠬᠤᠢ ᠶᠢᠨ ᠦᠵᠡᠯᠲᠡ ᠪᠠ ᠥᠷᠲᠡᠭ ᠤᠨ ᠦᠵᠡᠯᠲᠡ ᠶᠢ ᠪᠤᠢ ᠪᠣᠯᠭᠠᠵᠤ᠂ ᠬᠠᠤᠯᠢ ᠴᠠᠭᠠᠵᠠ ᠶᠢᠨ ᠤᠬᠠᠮᠰᠠᠷ ᠪᠠ ᠥᠪᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ  ᠴᠢᠩᠭᠠᠳᠬᠠᠵᠠᠢ᠃    ︽ᠪᠢᠳᠡ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠵᠠᠪᠠᠯ ᠵᠢᠷᠤᠮᠯᠠᠨ ᠰᠠᠬᠢᠵᠤ᠂ ᠲᠡᠷᠭᠡᠨ ᠳᠤ ᠭᠠᠷᠴᠤ ᠪᠠᠭᠤᠬᠤ ᠳᠠᠭᠠᠨ ᠵᠡᠭᠦᠨ ᠪᠠᠷᠠᠭᠤᠨ ᠬᠤᠶᠠᠷ ᠲᠠᠯ᠎ᠠ ᠪᠠᠷ ᠥᠩᠭᠡᠷᠡᠬᠦ ᠲᠡᠷᠭᠡ ᠪᠠᠶᠢᠬᠤ ᠡᠰᠡᠬᠦ ᠶᠢ ᠰᠠᠶᠢᠨ ᠦᠵᠡᠬᠦ ᠬᠡᠷᠡᠭᠲᠡᠢ︾ ᠭᠡᠵᠦ ᠰᠤᠷᠤᠭᠴᠢ ᠵᠠᠩ ᠢ ᠺᠦᠨ ᠬᠡᠯᠡᠪᠡ᠃    ᠰᠣᠷᠣᠭᠴᠢ ᠵᠠᠩ ᠴᠧᠨ ᠢ᠄ ︽ᠲᠠᠶᠢᠯᠤᠮᠵᠢ ᠪᠠᠷ ᠳᠡᠮᠵᠢᠨ᠂ ᠪᠢ ᠭᠠᠯ ᠤᠨ ᠡᠬᠢ᠂ ᠭᠤᠣᠯ ᠮᠥᠷᠡᠨ ᠵᠡᠷᠭᠡ ᠠᠶᠤᠯᠲᠠᠢ ᠭᠠᠵᠠᠷ ᠣᠷᠣᠨ ᠠᠴᠠ ᠬᠤᠯᠠ ᠵᠠᠶᠢᠯᠠᠵᠤ᠂ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠵᠢᠷᠤᠮᠯᠠᠵᠤ᠂ ᠴᠢ ᠪᠢᠳᠠᠨ ᠬᠤᠶᠠᠷ ᠠᠴᠠ ᠡᠬᠢᠯᠡᠵᠦ ᠬᠢᠬᠦ ᠶᠢ ᠮᠡᠳᠡᠭᠰᠡᠨ ᠶᠤᠮ︾ ᠭᠡᠵᠡᠢ᠃    ᠲᠣᠰ ᠤᠳᠠᠭᠠᠨ ᠤ ᠤᠬᠠᠭᠤᠯᠭ᠎ᠠ ᠬᠥᠮᠦᠵᠢᠯ ᠨᠢ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠤ ᠬᠠᠤᠯᠢ ᠳᠦᠷᠢᠮ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠪᠠ᠃    ︽ᠪᠢᠳᠡ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠢ ᠲᠤᠶᠢᠯ ᠢᠶᠠᠷ ᠴᠢᠬᠤᠯᠠᠴᠢᠯᠠᠵᠤ᠂ ᠪᠠᠭᠰᠢ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠴᠥᠮ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠬᠢᠵᠦ᠂ ᠬᠡᠨ ᠠᠵᠢᠯ ᠤᠨ ᠪᠠᠶᠢᠷᠢ ᠳᠤ ᠪᠠᠶᠢᠪᠠᠯ ᠬᠡᠨ ᠬᠠᠷᠢᠭᠤᠴᠠᠵᠤ᠂ ᠪᠠᠭᠰᠢ ᠠᠵᠢᠯᠲᠠᠨ ᠵᠡᠷᠭᠡ ᠪᠠᠷ ᠠᠳᠬᠤᠨ ᠤᠰᠤᠨ ᠳᠤ ᠵᠢᠪᠬᠦ ᠶᠢ ᠰᠡᠷᠭᠡᠶᠢᠯᠡᠬᠦ᠂ ᠵᠠᠮ ᠬᠠᠷᠢᠯᠴᠠᠭ᠎ᠠ᠂ ᠢᠳᠡᠭᠡᠨ ᠤᠮᠳᠠᠭᠠᠨ᠂ ᠰᠦᠯᠵᠢᠶ᠎ᠡ ᠵᠡᠷᠭᠡ ᠤᠴᠢᠷ ᠶᠠᠪᠤᠳᠠᠯ ᠢ ᠬᠠᠮᠲᠤ ᠪᠠᠷ ᠬᠠᠮᠢᠶᠠᠷᠴᠤ᠂ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ︾ ᠭᠡᠵᠦ ᠲᠦᠴᠢᠦᠸᠠᠨ ᠰᠢᠶᠠᠨ ᠤ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠤ ᠳᠡᠳ᠋ ᠵᠠᠬᠢᠷᠤᠯ ᠬᠤᠸᠠᠩ ᠷᠦᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号