ᠲᠦᠴᠢᠦᠸᠠᠨ ᠰᠢᠶᠠᠨ᠄ ᠳᠡᠯᠡᠬᠡᠢ ᠶᠢᠨ ᠴᠠᠭ ᠠᠭᠤᠷ ᠤᠨ ᠡᠳᠦᠷ ᠢ ᠤᠭᠲᠤᠵᠤ ᠴᠠᠭ ᠠᠭᠤᠷ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠰᠤᠷᠭᠠᠭᠤᠯᠢ ᠶᠢᠨ ᠬᠦᠷᠢᠶᠡᠨ ᠳᠤ ᠤᠷᠤᠨ᠎ᠠ
ᠨᠡᠶᠢᠲᠡᠯᠡᠭᠰᠡᠨ ᠴᠠᠭ᠄
2023/3/25
   3 ᠰᠠᠷ᠎ᠠ ᠶᠢᠨ 23 ᠤ ᠡᠳᠦᠷ᠂ ᠲᠦᠴᠢᠦᠸᠠᠨ ᠰᠢᠶᠠᠨ ᠤ ᠴᠠᠭ ᠠᠭᠤᠷ ᠤᠨ ᠲᠣᠪᠴᠢᠶ᠎ᠠ ︽ᠴᠠᠭ ᠠᠭᠤᠷ ᠠᠭᠤᠷ ᠠᠮᠢᠰᠬᠤᠯ ᠤᠰᠤ᠂ ᠦᠶ᠎ᠡ ᠶᠢᠨ ᠦᠶ᠎ᠡ ᠳᠡᠭᠡᠨ ᠢᠷᠡᠭᠡᠳᠦᠢ ᠵᠦᠭ ᠤᠷᠤᠭᠰᠢᠯᠠᠬᠤ︾ ᠳᠡᠯᠡᠬᠡᠢ ᠶᠢᠨ ᠴᠠᠭ ᠠᠭᠤᠷ ᠤᠨ ᠡᠳᠦᠷ ᠤᠨ ᠭᠤᠣᠯ ᠰᠡᠳᠦᠪ ᠤᠨ ᠲᠣᠭᠤᠷᠢᠨ ᠳᠤ ᠲᠦᠴᠢᠦᠸᠠᠨ ᠰᠢᠶᠠᠨ ᠤ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ ᠳᠤ ᠬᠦᠷᠴᠦ ᠴᠠᠭ ᠠᠭᠤᠷ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ ᠥᠷᠨᠢᠭᠦᠯᠪᠡ᠃    ᠴᠠᠭ ᠠᠭᠤᠷ ᠤᠨ ᠲᠣᠪᠴᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠳᠠᠨ ᠵᠢᠷᠤᠭ ᠪᠢᠴᠢᠭ ᠢ ᠬᠤᠣᠰᠯᠠᠭᠤᠯᠬᠤ ᠬᠡᠯᠪᠡᠷᠢ ᠪᠠᠷ ᠪᠠᠭᠰᠢ ᠰᠤᠷᠤᠭᠴᠢᠳ ᠲᠤ ᠴᠠᠭ ᠠᠭᠤᠷ ᠤᠨ ᠠᠵᠢᠭᠯᠠᠯᠲᠠ ᠶᠢᠨ ᠰᠠᠭᠤᠷᠢ ᠮᠡᠳᠡᠯᠭᠡ᠂ ᠪᠠᠶᠢᠩᠭᠤ ᠲᠣᠬᠢᠶᠠᠯᠳᠤᠬᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠵᠢᠴᠢ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠤᠭ ᠶᠣᠰᠣ ᠶᠢ ᠨᠠᠷᠢᠨ ᠲᠠᠶᠢᠯᠪᠤᠷᠢᠯᠠᠵᠤ ᠥᠭᠴᠡᠢ᠃    ᠤᠬᠠᠭᠤᠯᠤᠨ ᠲᠠᠶᠢᠯᠪᠤᠷᠢᠯᠠᠭᠴᠢ ᠪᠠᠰᠠ ᠥᠪᠡᠷ ᠤᠨ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠭᠠᠮᠰᠢᠭᠲᠤ ᠴᠠᠭ ᠠᠭᠤᠷ ᠢ ᠤᠷᠢᠳᠴᠢᠯᠠᠨ ᠮᠡᠳᠡᠭᠡᠯᠡᠬᠦ ᠶᠠᠪᠤᠴᠠ ᠶᠢ ᠵᠠᠳᠠᠯᠵᠤ᠂ ᠰᠤᠷᠤᠭᠴᠢᠳ ᠲᠤ ᠴᠠᠭ ᠠᠭᠤᠷ ᠤᠨ ᠪᠠᠶᠢᠳᠠᠯ ᠤᠨ ᠲᠦᠮᠡ ᠮᠢᠩᠭᠠᠨ ᠬᠤᠪᠢᠷᠠᠯᠲᠠ ᠶᠢ ᠠᠮᠢᠳᠤᠯᠢᠭ ᠢᠶᠠᠷ ᠲᠠᠶᠢᠯᠪᠤᠷᠢᠯᠠᠨ ᠥᠭᠴᠦ᠂ ᠣᠨᠴᠠᠭᠠᠶ ᠴᠠᠭ ᠠᠭᠤᠷ ᠲᠣᠬᠢᠶᠠᠯᠳᠤᠪᠠᠯ ᠥᠪᠡᠷ ᠢ ᠪᠠᠨ ᠬᠡᠷᠬᠢᠨ ᠬᠠᠮᠠᠭᠠᠯᠠᠬᠤ ᠲᠤᠬᠠᠢ ᠲᠠᠶᠢᠯᠪᠤᠷᠢᠯᠠᠨ ᠥᠭᠴᠦ᠂ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠤᠬᠠᠭᠤᠯᠤᠨ ᠲᠠᠶᠢᠯᠪᠤᠷᠢᠯᠠᠭᠴᠢ ᠪᠠᠰᠠ ᠬᠠᠷᠢᠯᠴᠠᠨ ᠠᠰᠠᠭᠤᠯᠲᠠ ᠬᠠᠷᠢᠭᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠤᠭᠴᠢᠳ ᠲᠤ ᠴᠠᠭ ᠠᠭᠤᠷ ᠤᠨ ᠬᠠᠮᠢᠶ᠎ᠠ ᠪᠦᠬᠦᠢ ᠵᠢᠵᠢᠭ ᠪᠡᠯᠡᠭ ᠬᠦᠷᠭᠡᠵᠦ᠂ ᠬᠡᠦᠬᠡᠳ ᠤᠳ ᠢ ᠴᠠᠭ ᠠᠭᠤᠷ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠪᠠᠷᠢᠮᠲᠠᠯᠠᠬᠤ ᠶᠢ ᠵᠣᠷᠢᠭᠵᠢᠭᠤᠯᠪᠠ᠃    ᠰᠣᠷᠣᠭᠴᠢ ᠮᠧᠩ ᠢ ᠴᠧᠩ᠄ ︽ᠡᠨᠡ ᠤᠳᠠᠭᠠᠨ ᠤ ᠲᠠᠶᠢᠯᠤᠮᠵᠢ ᠪᠠᠷ ᠳᠡᠮᠵᠢᠨ᠂ ᠭᠢᠯᠪᠠᠭᠠᠨ ᠤᠤᠯ ᠨᠢ ᠡᠶᠢᠮᠦ ᠠᠶᠤᠮᠠᠷ ᠪᠠᠶᠢᠭᠰᠠᠨ᠂ ᠲᠡᠮᠦᠷ ᠪᠣᠯ ᠴᠠᠬᠢᠯᠭᠠᠨ ᠳᠠᠮᠵᠢᠭᠤᠯᠳᠠᠭ ᠢ ᠮᠡᠳᠡᠯ᠎ᠡ᠂ ᠪᠠᠶᠢᠭᠠᠯᠢ ᠶᠢᠨ ᠭᠠᠮᠰᠢᠭ ᠢᠷᠡᠬᠦ ᠦᠶ᠎ᠡ ᠳᠤ᠂ ᠥᠪᠡᠷ ᠢ ᠪᠠᠨ ᠬᠡᠷᠬᠢᠨ ᠬᠠᠮᠠᠭᠠᠯᠠᠬᠤ ᠶᠢ ᠮᠡᠳᠡᠭᠰᠡᠨ︾ ᠭᠡᠵᠡᠢ᠃    ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠪᠠᠭᠰᠢ ᠰᠤᠷᠤᠭᠴᠢᠳ ᠲᠤ ᠴᠠᠭ ᠠᠭᠤᠷ ᠤᠨ ᠮᠡᠳᠡᠯᠭᠡ ᠶᠢᠨ ᠲᠤᠬᠠᠢ ᠠᠩᠬ᠎ᠠ ᠠᠯᠬᠤᠮ ᠤᠨ ᠰᠠᠭᠤᠭᠳᠠᠯ ᠪᠠ ᠣᠶᠢᠯᠠᠭᠠᠯᠲᠠ ᠲᠠᠢ ᠪᠣᠯᠭᠠᠵᠤ᠂ ᠰᠤᠷᠤᠭᠴᠢᠳ ᠤᠨ ᠴᠠᠭ ᠠᠭᠤᠷ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠬᠦᠷᠢᠶᠡᠯᠡᠯ ᠪᠠ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃    ︽ᠲᠦᠴᠢᠦᠸᠠᠨ ᠰᠢᠶᠠᠨ ᠤ ᠴᠠᠭ ᠠᠭᠤᠷ ᠤᠨ ᠲᠣᠪᠴᠢᠶ᠎ᠠ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ ᠲᠠᠢ ᠬᠠᠮᠲᠤᠷᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠴᠠᠭ ᠠᠭᠤᠷ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠡᠦᠬᠡᠳ ᠤᠨ ᠴᠠᠭ ᠠᠭᠤᠷ ᠪᠣᠯᠣᠨ ᠢᠷᠡᠭᠡᠳᠦᠢ ᠶᠢᠨ ᠬᠠᠷᠢᠯᠴᠠᠭ᠎ᠠ ᠶᠢ ᠬᠠᠶᠢᠨ ᠰᠦᠪᠡᠭᠴᠢᠯᠡᠬᠦ ᠶᠢ ᠬᠥᠭᠵᠢᠭᠡᠭᠰᠡᠨ ᠪᠠᠶᠢᠨ᠎ᠠ︾᠃ ᠭᠡᠵᠦ ᠲᠦᠴᠢᠦᠸᠠᠨ ᠰᠢᠶᠠᠨ ᠤ ᠴᠠᠭ ᠠᠭᠤᠷ ᠤᠨ ᠲᠣᠪᠴᠢᠶ᠎ᠠ ᠶᠢᠨ ᠴᠠᠭ ᠠᠭᠤᠷ ᠤᠨ ᠲᠣᠪᠴᠢᠶ᠎ᠠ ᠶᠢᠨ ᠳᠠᠷᠤᠭ᠎ᠠ ᠵᠠᠩ ᠶᠠ ᠵᠢᠶᠦ᠋ᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号