ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠠᠷᠪᠠᠳᠤᠭᠠᠷ ᠬᠤᠭᠤᠴᠠᠭᠠᠨ ᠤ ᠶᠢᠰᠦᠳᠦᠭᠡᠷ ᠤᠳᠠᠭ᠎ᠠ ᠶᠢᠨ ᠲᠡᠷᠢᠭᠦᠯᠡᠭᠴᠢ ᠶᠢᠨ ︵ᠥᠷᠭᠡᠳᠬᠡᠭᠰᠡᠨ ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/27
   3 ᠰᠠᠷ᠎ᠠ ᠶᠢᠨ 23 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠦ ᠴᠧᠩ ᠠᠷᠪᠠᠳᠤᠭᠠᠷ ᠬᠤᠭᠤᠴᠠᠭᠠᠨ ᠤ ᠶᠢᠰᠦᠳᠦᠭᠡᠷ ᠤᠳᠠᠭ᠎ᠠ ᠶᠢᠨ ᠲᠡᠷᠢᠭᠦᠯᠡᠭᠴᠢ ᠶᠢᠨ ︵ᠥᠷᠭᠡᠳᠬᠡᠭᠰᠡᠨ ︶ ᠬᠤᠷᠠᠯ ᠢ ᠡᠷᠭᠢᠯᠡᠨ ᠬᠤᠷᠠᠯᠳᠤᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠪᠥᠬᠦ ᠺᠠᠳ᠋ᠷᠴᠤᠳ ᠬᠤᠷᠠᠯ ᠳᠤ ᠣᠷᠣᠯᠴᠠᠵᠠᠶ᠃     ᠬᠤᠷᠠᠯ ᠠᠴᠠ ︽ᠬᠥᠭᠵᠢᠭᠡᠭᠰᠡᠨ ᠤ ᠳᠠᠷᠠᠭᠠᠬᠢ ᠬᠢᠵᠢᠭ ᠤᠨ ᠪᠠᠶᠢᠳᠠᠯ ᠤᠨ ᠴᠠᠭ ᠦᠶ᠎ᠡ ᠶᠢᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠯᠡᠭᠡᠨ ᠤ ᠢᠲᠡᠭᠡᠯ ︾᠂ ︽ᠬᠢᠵᠢᠭ ᠤᠨ ᠪᠠᠶᠢᠳᠠᠯ ᠤᠨ ᠳᠠᠷᠠᠭᠠᠬᠢ ᠬᠢᠩᠭᠠᠨ ᠠᠶᠢᠮᠠᠭ ᠤᠨ ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ᠂ ᠬᠦᠴᠢᠷᠳᠡᠯ ᠵᠢᠴᠢ ᠠᠷᠭᠠᠴᠠᠬᠤ ᠪᠤᠳᠤᠯᠭ᠎ᠠ ︾᠂ ︽ᠬᠤᠳᠠ ᠬᠥᠳᠡᠭᠡ ᠵᠢᠴᠢ ᠬᠥᠳᠡᠭᠡ ᠲᠣᠰᠬᠤᠨ ᠤ ᠨᠡᠶᠢᠭᠡᠮ ᠤᠨ ᠨᠠᠰᠤᠵᠢᠯ ᠤᠨ ᠠᠰᠠᠷᠠᠮᠵᠢ ︾ ᠵᠡᠷᠭᠡ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠵᠢᠴᠢ ︽ᠳᠥᠷᠪᠡᠨ ᠴᠢᠳᠠᠪᠤᠷᠢ ᠲᠠᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠲᠠᠰᠤᠭ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︾ ︽ᠡᠲᠡᠭᠡᠳ ᠤᠨ ᠢᠯᠭᠠᠯ ᠤᠨ ᠰᠠᠷ᠎ᠠ ᠶᠢᠨ ᠭᠤᠪᠢᠭᠤᠯᠭ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︾ ︽ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠰᠢᠭᠤᠳ ᠨᠡᠪᠲᠡᠷᠡᠬᠦ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︾ ᠵᠡᠷᠭᠡ ᠶᠢ ᠬᠢᠨᠠᠨ ᠵᠥᠪᠯᠡᠪᠡ᠃    ᠬᠤᠷᠠᠯ ᠠᠴᠠ ᠱᠠᠭᠠᠷᠳᠠᠭᠰᠠᠨ ᠨᠢ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ︽ᠪᠦᠬᠦ ᠨᠠᠮ ᠢᠶᠠᠷ ᠢᠶᠠᠨ ᠪᠠᠶᠢᠴᠠᠭᠠᠨ ᠰᠤᠳᠤᠯᠤᠯᠲᠠ ᠬᠢᠬᠦ ᠶᠢ ᠶᠡᠬᠡᠪᠡᠷ ᠥᠷᠨᠢᠭᠦᠯᠬᠦ ᠲᠤᠬᠠᠢ ᠠᠵᠢᠯ ᠤᠨ ᠲᠥᠰᠦᠯ ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤᠮᠳᠠᠬᠢ ᠭᠤᠣᠯᠳᠠᠯᠭ᠎ᠠ ᠲᠠᠢ ᠠᠰᠠᠭᠤᠳᠠᠯ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠬᠦᠴᠢᠷ ᠠᠰᠠᠭᠤᠳᠠᠯ ᠵᠡᠷᠭᠡ ᠶᠢᠨ ᠲᠣᠭᠤᠷᠢᠨ ᠳᠤ᠂ ᠢᠯᠡᠭᠦᠬᠡᠨ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠢᠯᠡᠭᠦᠬᠡᠨ ᠳᠤᠷᠠᠳᠴᠤ᠂ ᠠᠶᠢᠮᠠᠭ ᠤᠨ ᠨᠠᠮ ᠤᠨ ᠬᠤᠷᠢᠶ᠎ᠠ ᠳᠤ ᠦᠨᠡᠨᠬᠦ ᠰᠠᠶᠢᠨ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠢ᠃ ᠠᠶᠢᠮᠠᠭ ᠤᠨ ᠨᠠᠮ ᠤᠨ ᠬᠤᠷᠢᠶ᠎ᠠ ᠶᠢᠨ ︽ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ︽ᠳᠥᠷᠪᠡᠨ ᠴᠢᠳᠠᠪᠤᠷᠢ ᠲᠠᠢ ︾᠂ ︽ᠡᠲᠡᠭᠡᠳ ᠤᠨ ᠢᠯᠭᠠᠯ ᠤᠨ ᠰᠠᠷ᠎ᠠ ᠶᠢᠨ ᠭᠤᠪᠢᠭᠤᠯᠭ᠎ᠠ ︾᠂ ︽ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠰᠢᠭᠤᠳ ᠨᠡᠪᠲᠡᠷᠡᠬᠦ ︾ ᠵᠡᠷᠭᠡ ᠨᠠᠷᠠᠲᠤ ᠲᠥᠷᠥᠯ ᠲᠡᠮᠳᠡᠭᠲᠦ ᠶᠢ ᠳᠠᠭᠤᠷᠢᠰᠤᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠬᠡᠪ ᠳᠠᠭᠤᠷᠢᠶᠠᠯ ᠢ ᠪᠣᠶ ᠪᠣᠯᠭᠠᠵᠤ᠂ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠥᠲᠥᠯᠦᠨ ᠳᠠᠭᠠᠭᠤᠯᠬᠤ ᠬᠡᠷᠡᠭᠲᠡᠶ ᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号