ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠥᠴᠢᠨ ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ 2023 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/27
3 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠥᠴᠢᠨ ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ 2023 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ ᠤᠨ ᠨᠢᠭᠡᠳᠦᠮᠡᠯ ᠹᠷᠣᠨᠲ᠂ ᠱᠠᠰᠢᠨ ᠰᠤᠷᠲᠠᠬᠤᠨ ᠤ ᠠᠵᠢᠯ ᠢ ᠤᠯᠠᠮᠵᠢᠯᠠᠨ ᠰᠤᠷᠤᠯᠴᠠᠵᠤ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠤᠬᠠᠭᠤᠯᠭ᠎ᠠ ᠶᠢᠨ ᠬᠡᠯᠲᠡᠰ ᠤᠨ ᠳᠠᠷᠤᠭ᠎ᠠ ᠤᠨ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠥᠬᠦᠳᠡ ᠬᠤᠷᠠᠯ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠵᠤ᠂ ︽2022 ᠣᠨ ᠤ ᠬᠢᠩᠭᠠᠨ ᠠᠶᠢᠮᠠᠭ ᠤᠨ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠤᠨ ᠦᠨᠡᠯᠡᠯᠲᠡ ᠶᠢᠨ ᠠᠰᠠᠭᠤᠳᠠᠯ ᠤᠨ ᠲᠤᠬᠠᠢ ᠴᠡᠭᠴᠡᠯᠡᠨ ᠰᠠᠶᠢᠵᠢᠷᠠᠭᠤᠯᠬᠤ ᠲᠥᠰᠥᠯ︾ ︽ᠲᠦᠴᠢᠦᠸᠠᠨ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠵᠢᠯ ᠤᠨ ᠳ᠋ᠦᠩᠨᠡᠯᠲᠡ︾ ᠶᠢ ᠰᠤᠳᠤᠯᠤᠨ ᠬᠢᠨᠠᠨ ᠵᠥᠪᠯᠡᠬᠦ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠶᠢ ᠭᠦᠢᠴᠡᠳ ᠪᠠᠳᠠᠷᠠᠭᠤᠯᠵᠤ᠂ ᠨᠠᠮ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠪᠠᠷᠢᠮᠲᠠᠯᠠᠵᠤ᠂ ᠬᠥᠮᠥᠨ ᠰᠣᠩᠭᠤᠵᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ᠂ ︽ᠬᠤᠶᠠᠷ ᠡᠩᠨᠡᠭᠡ︾ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠵᠢᠷᠭᠤᠭᠠᠨ ᠵᠦᠢᠯ ᠤᠨ ᠢᠨᠵᠧᠨᠧᠷᠢᠩ᠂ ᠵᠢᠷᠭᠤᠭ᠎ᠠ ᠶᠢ ᠲᠣᠰᠬᠤᠨ ᠡᠷᠦᠬᠡ ᠳᠤ ᠬᠦᠷᠭᠡᠬᠦ︾ ᠶᠢ ᠭᠦᠨᠵᠡᠭᠡᠢ ᠥᠷᠨᠢᠭᠦᠯᠵᠦ᠂ ᠴᠢᠩᠭ᠎ᠠ ᠬᠢᠨᠠᠯᠲᠠ ᠲᠠᠯᠪᠢᠵᠤ ᠬᠢᠨᠠᠨ ᠰᠢᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠢᠨᠠᠯᠲᠠ ᠲᠠᠯᠪᠢᠬᠤ᠂ ᠬᠠᠷᠢᠭᠤᠴᠠᠯᠭ᠎ᠠ ᠨᠡᠬᠡᠮᠵᠢᠯᠡᠬᠦ᠂ ᠰᠠᠬᠢᠯᠭ᠎ᠠ ᠪᠠᠲᠤ ᠶᠢ ᠬᠡᠷᠡᠭᠵᠢᠭᠦᠯᠬᠦ ︽ᠭᠤᠷᠪᠠᠨ ᠶᠠᠪᠤᠳᠠᠯ︾ ᠢ ᠭᠤᠣᠯᠳᠠᠯᠭ᠎ᠠ ᠲᠠᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠲᠣᠭᠤᠷᠢᠨ ᠪᠠᠶᠢᠴᠠᠭᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠴᠡᠪᠡᠷᠰᠢᠭᠦᠯᠵᠦ᠂ ᠺᠠᠳ᠋ᠷᠴᠤᠳ ᠢ ᠤᠷᠮᠠᠰᠢᠭᠤᠯᠤᠨ ᠵᠣᠷᠢᠭᠵᠢᠭᠤᠯᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠵᠠᠯᠠᠷᠠᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号