ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/28
   3 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ ᠣᠷᠣᠨ ᠤ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠢᠩᠭᠠᠨ ᠠᠶᠢᠮᠠᠭ ᠤᠨ ︿ᠲᠠᠪᠤᠨ ᠶᠡᠭᠡ ᠡᠭᠦᠷᠭᠡ ﹀ ᠶᠢ ᠨᠠᠶᠢᠳᠠᠪᠤᠷᠢᠵᠢᠭᠤᠯᠤᠭᠰᠠᠨ 2023 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ︾ ᠪᠠ ︽2023 ᠣᠨ ᠤ ᠬᠢᠩᠭᠠᠨ ᠠᠶᠢᠮᠠᠭ ᠤᠨ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠵᠦ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠭᠤᠤᠯᠳᠠᠯᠭ᠎ᠠ ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠵᠤᠭᠠᠴᠠᠯ ᠤᠨ ᠦᠢᠯᠡᠰ᠂ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠤᠴᠢᠷ ᠶᠠᠪᠤᠳᠠᠯ ᠢ ᠰᠤᠳᠤᠯᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠭ᠎ᠠ ᠪᠦᠷᠢᠳᠬᠡᠯ ᠤᠨ ᠠᠵᠢᠯ ᠪᠣᠯ ᠠᠵᠤ ᠠᠬᠤᠶ ᠶᠢᠨ ᠬᠥᠭᠵᠢᠯᠲᠡ ᠶᠢᠨ ︽ᠴᠠᠭ ᠠᠭᠤᠷ ᠤᠨ ᠬᠡᠮᠵᠢᠭᠦᠷ ︾ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠣᠷᠣᠨ ᠤ ᠬᠤᠯᠪᠣᠭᠳᠠᠯ ᠪᠥᠬᠦᠢ ᠲᠤᠭ᠎ᠠ ᠪᠦᠷᠢᠳᠬᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠬᠠᠭᠤᠷᠮᠠᠭᠯᠠᠨ ᠵᠣᠬᠢᠶᠠᠬᠤ ᠣᠯᠠᠨᠲᠠ ᠴᠠᠭᠠᠵᠠᠯᠠᠬᠤᠶ᠎ᠠ ᠪᠡᠷᠬᠡ ᠲᠤᠰᠬᠠᠶ ᠵᠦᠢᠯ ᠢᠶᠠᠷ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠤᠯᠢ ᠶᠣᠰᠣᠭᠠᠷ ᠪᠦᠷᠢᠳᠬᠡᠬᠦ ᠬᠠᠤᠯᠢ ᠶᠣᠰᠣᠭᠠᠷ ᠨᠢᠭᠡᠳᠦᠯᠲᠡᠶ ᠬᠠᠮᠢᠶᠠᠷᠬᠤ ᠶᠢ ᠪᠥᠬᠦ ᠲᠠᠯ᠎ᠠ ᠪᠠᠷ ᠲᠥᠯᠬᠢᠨ ᠠᠬᠢᠭᠤᠯᠵᠤ᠂ ᠪᠥᠬᠦ ᠠᠶᠢᠮᠠᠭ ᠤᠨ ᠲᠤᠭ᠎ᠠ ᠪᠦᠷᠢᠳᠬᠡᠯ ᠤᠨ ᠠᠵᠢᠯ ᠤᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ ᠭᠡᠪᠡ᠃    ᠬᠤᠷᠠᠯ ᠠᠴᠠ ᠴᠢᠩᠭᠠᠳᠬᠠᠭᠰᠠᠨ ᠨᠢ᠂ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠪᠣᠯ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠭᠤᠣᠯ ᠭᠠᠷᠳᠠᠴᠠ ᠪᠠ ᠲᠦᠷᠦᠯ ᠵᠦᠢᠯ ᠤᠨ ᠪᠢᠴᠢᠭ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠴᠢᠬᠤᠯᠠᠴᠢᠯᠠᠬᠤ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠵᠦ᠂ ᠡᠭᠦᠷᠭᠡ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠲᠣᠬᠢᠷᠠᠭᠤᠯᠤᠯᠲᠠ ᠶᠢᠨ ᠤᠳᠠᠭ᠎ᠠ ᠪᠠ ᠬᠢᠨᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ ᠭᠡᠪᠡ᠃    ᠬᠤᠷᠠᠯ ᠠᠴᠠ ᠴᠢᠩᠭᠠᠳᠬᠠᠭᠰᠠᠨ ᠨᠢ᠂ ᠠᠵᠤ ᠦᠢᠯᠡᠰ ᠪᠣᠯ ᠠᠵᠤ ᠠᠬᠤᠢ ᠶᠢᠨ ᠬᠥᠭᠵᠢᠯᠲᠡ ᠶᠢᠨ ᠵᠠᠩᠭᠢᠯᠠᠭ᠎ᠠ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠳᠠᠪᠠᠭᠤᠯᠢᠭ ᠣᠨᠴᠠᠯᠢᠭ ᠲᠠᠢ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠵᠤᠭᠠᠴᠠᠯ ᠤᠨ ᠦᠢᠯᠡᠰ ᠪᠣᠯᠤᠨ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠵᠤ᠂ ᠬᠡᠷᠡᠭᠯᠡᠭᠡ ᠪᠣᠯᠤᠨ ᠪᠡᠯᠡ ᠣᠷᠣᠭᠤᠯᠤᠯᠲᠠ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠬᠦ ᠬᠡᠷᠡᠭᠲᠡᠢ᠃ ᠪᠦᠬᠦ ᠠᠶᠢᠮᠠᠭ ᠤᠨ ᠴᠠᠭ ᠠᠭᠤᠷ ᠤᠨ ᠠᠵᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠨᠠᠷᠢᠨ ᠨᠢᠭᠲᠠ ᠬᠢᠨᠠᠨ ᠬᠡᠮᠵᠢᠭᠰᠡᠨ᠂ ᠨᠠᠷᠢᠨ ᠣᠨᠣᠪᠴᠢᠲᠠᠢ ᠤᠷᠢᠳᠴᠢᠯᠠᠨ ᠮᠡᠳᠡᠭᠡᠯᠡᠭᠰᠡᠨ᠂ ᠨᠠᠷᠢᠯᠢᠭ ᠦᠢᠯᠡᠴᠢᠯᠡᠭᠰᠡᠨ᠂ ᠠᠷᠠᠳ ᠲᠦᠮᠡᠨ ᠳᠤ ᠬᠠᠨᠤᠮᠵᠢᠲᠠᠢ ᠤᠳᠤ ᠦᠶ᠎ᠡ ᠶᠢᠨ ᠴᠠᠭ ᠠᠭᠤᠷ ᠤᠨ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ︽ᠲᠦᠷᠪᠡᠨ ᠵᠦᠢᠯ ᠤᠨ ᠠᠵᠢᠯᠯᠠᠭ᠎ᠠ ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠨᠳᠦᠰᠦᠨ ᠵᠦᠢᠯ ᠢ ᠪᠠᠲᠤᠯᠠᠬᠤ ᠪᠠᠲᠤᠯᠠᠪᠤᠷᠢ ᠶᠢᠨ ᠦᠷ᠎ᠡ ᠪᠦᠲᠦᠭᠡᠯ ᠢ ᠪᠦᠲᠦᠮᠵᠢᠲᠡᠢ ᠪᠠᠬᠢᠵᠢᠭᠦᠯᠦᠨ ᠥᠷᠭᠡᠳᠬᠡᠵᠦ᠂ ᠬᠤᠳᠠ ᠬᠥᠳᠡᠭᠡ ᠪᠣᠯᠤᠨ ᠣᠷᠣᠨ ᠪᠦᠰᠡ ᠶᠢ ᠨᠢᠭᠡᠳᠦᠯᠲᠡᠢ ᠲᠥᠯᠥᠪᠵᠢᠭᠦᠯᠬᠦ ᠶᠢ ᠲᠦᠷᠭᠡᠳᠬᠡᠨ ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠵᠤ ᠠᠬᠤᠢ ᠶᠢᠨ ᠨᠡᠮᠡᠭᠳᠡᠯ ᠪᠣᠯᠤᠨ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢᠨ ᠬᠠᠷᠢᠯᠴᠠᠨ ᠠᠬᠢᠭᠤᠯᠵᠤ ᠬᠠᠷᠢᠯᠴᠠᠨ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠪᠡ᠃     ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ ᠬᠤᠷᠠᠯ ᠳᠡᠭᠡᠷ᠎ᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠂ ᠶᠡᠷᠦᠩᠬᠡᠶ ᠰᠠᠶᠢᠳ ᠯᠢ ᠴᠢᠶᠠᠩ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠠᠶᠢᠮᠠᠭ ᠤᠨ ᠤᠴᠢᠷ ᠶᠠᠪᠤᠳᠠᠯ ᠢ ᠲᠣᠬᠢᠷᠠᠭᠤᠯᠤᠨ ᠪᠠᠶᠢᠷᠢᠯᠠᠭᠤᠯᠵᠠᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号