ᠬᠢᠩᠭᠠᠨ ᠠᠶᠢᠮᠠᠭ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠢᠴᠢᠶᠡᠯ ᠤᠨ ᠲᠠᠩᠬᠢᠮ ᠳᠤ ᠠᠷᠪᠠᠨ ᠳᠣᠯᠣᠳᠤᠭᠠᠷ ᠬᠤᠭᠤᠴᠠᠭᠠᠨ ᠤ ᠲᠤᠰᠬᠠᠢ ᠰᠡᠳᠦᠪᠲᠦ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2023/3/31
   3 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠬᠢᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠠᠯᠭᠤᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠢᠴᠢᠶᠡᠯ ᠤᠨ ᠲᠠᠩᠬᠢᠮ ᠳᠤ ᠠᠷᠪᠠᠨ ᠳᠣᠯᠣᠳᠤᠭᠠᠷ ᠬᠤᠭᠤᠴᠠᠭᠠᠨ ᠤ ᠲᠤᠰᠬᠠᠢ ᠰᠡᠳᠦᠪᠲᠦ ᠲᠠᠶᠢᠯᠤᠮᠵᠢ ᠬᠢᠪᠡ᠃    ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠢᠯᠴᠢ ᠶᠢᠨ ᠡᠨᠧᠷᠭᠢ ᠶᠢᠨ ᠢᠨᠵᠧᠨᠧᠷᠢᠩ ᠤᠨ ᠳ᠋ᠣᠺᠲ᠋ᠣᠷ᠂ ᠠᠭᠤᠷ ᠠᠮᠢᠰᠬᠤᠯ ᠤᠨ ᠬᠤᠪᠢᠷᠠᠯᠲᠠ ᠪᠣᠯᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠨ ᠤ ᠲᠤᠰᠬᠠᠢ ᠮᠡᠷᠭᠡᠵᠢᠯᠲᠡᠨ ᠲᠠᠩ ᠷᠧᠨ ᠬᠤ᠂ ︽ᠮᠠᠨ ᠤ ᠤᠯᠤᠰ ᠤᠨ ︿ᠬᠤᠣᠰ ᠨᠡᠭᠦᠷᠡᠰᠦᠲᠥ᠋ᠷᠥᠭᠴᠢ ﹀ ᠶᠢᠨ ᠬᠠᠷᠠᠯᠲᠠ ᠪᠣᠯᠤᠨ ᠣᠷᠣᠨ ᠨᠤᠲᠤᠭ ᠤᠨ ᠠᠵᠢᠯᠯᠠᠭ᠎ᠠ ︾ ᠭᠡᠬᠦ ᠰᠡᠳᠦᠪ ᠢᠶᠠᠷ ︽ᠬᠤᠣᠰ ᠨᠡᠭᠦᠷᠡᠰᠦᠲᠥ᠋ᠷᠥᠭᠴᠢ ︾ ᠶᠢᠨ ᠬᠠᠷᠠᠯᠲᠠ ᠶᠢᠨ ᠲᠣᠭᠤᠷᠢᠨ ᠳᠤ ᠳᠤᠷᠠᠳᠤᠭᠰᠠᠨ ᠪᠠ ᠪᠦᠬᠦᠯᠢ ᠴᠣᠭᠴᠠ ᠶᠢᠨ ᠨᠥᠯᠥᠭᠡ ᠂ ᠮᠠᠨ ᠤ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠪᠣᠯᠤᠨ ᠨᠡᠭᠦᠷᠡᠰᠦᠲᠥ᠋ᠷᠥᠭᠴᠢ ᠶᠢᠨ ᠮᠥᠩᠭᠦᠨ ᠭᠦᠢᠯᠭᠡᠭᠡ᠂ ︽ᠬᠤᠣᠰ ᠨᠡᠭᠦᠷᠡᠰᠦᠲᠥ᠋ᠷᠥᠭᠴᠢ ︾ ᠶᠢᠨ ᠬᠠᠷᠠᠯᠲᠠ ᠶᠢ ᠪᠡᠶᠡᠯᠡᠭᠦᠯᠬᠦ ᠰᠠᠭᠤᠷᠢ ᠪᠣᠯᠤᠨ ᠳᠠᠷᠠᠭᠠᠴᠢ ᠶᠢᠨ ᠱᠠᠲᠤᠨ ᠤ ᠠᠵᠢᠯᠯᠠᠭ᠎ᠠ ᠶᠢᠨ ᠰᠠᠨᠠᠭᠤᠯᠭ᠎ᠠ ᠵᠡᠷᠭᠡ ᠲᠠᠯ᠎ᠠ ᠪᠠᠷ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠲᠠᠶᠢᠯᠤᠮᠵᠢ ᠶᠢᠨ ᠵᠣᠭᠰᠣᠴᠠ ᠨᠢ ᠥᠨᠳᠥᠷ᠂ ᠮᠡᠳᠡᠭᠡ ᠵᠠᠩᠭᠢ ᠶᠢᠨ ᠬᠡᠮᠵᠢᠶ᠎ᠡ ᠨᠢ ᠶᠡᠭᠡ ᠪᠠᠶᠢᠵᠤ᠂ ᠮᠠᠨ ᠤ ᠠᠶᠢᠮᠠᠭ ᠤᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠠᠷᠪᠢᠲᠠᠶ ᠡᠷᠴᠢᠮᠯᠢᠭ᠌᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠬᠠᠮᠵᠢᠯᠴᠠᠨ ᠠᠬᠢᠭᠤᠯᠬᠤ ᠳᠤ ᠰᠡᠳᠬᠢᠮᠵᠢ ᠬᠠᠩᠭᠠᠭᠰᠠᠨ ᠪᠠᠶᠢᠨ᠎ᠠ᠃     ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠠᠶᠢᠮᠠᠭ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠯᠥᠪᠯᠡᠭᠡ ᠲᠠᠢ ᠠᠯᠬᠤᠮ ᠲᠠᠷᠠᠭ᠎ᠠ ᠲᠠᠢ ᠪᠠᠷ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠲᠠᠩ ᠷᠧᠨ ᠬᠤ ᠳ᠋ᠣᠺᠲ᠋ᠣᠷ ᠢ ᠤᠷᠢᠵᠤ ᠬᠢᠩᠭᠠᠨ ᠠᠶᠢᠮᠠᠭ ᠤᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠢᠳᠪᠦᠷᠢᠲᠦ ᠪᠤᠳᠤᠯᠭ᠎ᠠ ᠶᠢᠨ ᠵᠥᠪᠯᠡᠯᠭᠡ ᠥᠭᠬᠦ ᠵᠥᠪᠯᠡᠭᠴᠢ ᠶᠢ ᠤᠷᠢᠭᠰᠠᠨ ᠪᠥᠭᠡᠳ ᠲᠤᠬᠠᠢ ᠶᠢᠨ ᠲᠠᠯᠠᠪᠠᠢ ᠳᠤ ᠤᠷᠢᠯᠭ᠎ᠠ ᠶᠢᠨ ᠪᠢᠴᠢᠭ ᠭᠠᠷᠳᠠᠭᠤᠯᠵᠠᠢ᠃       ᠲᠠᠶᠢᠯᠤᠮᠵᠢ ᠶᠢ ᠸᠢᠳᠢᠣ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠳᠠ ᠳᠤ ᠶᠠᠪᠤᠭᠳᠠᠭᠤᠯᠵᠠᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号