ᠲᠦᠴᠢᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ 32 ᠳ᠋ᠤᠭᠠᠷ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠬᠥᠬᠡ ᠰᠢᠪᠠᠭᠤᠨ ᠤ ᠰᠠᠶᠢᠨ ᠴᠢᠮᠡᠭᠡ︾ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2023/3/31
  3 ᠰᠠᠷ᠎ᠠ ᠶᠢᠨ 31 ᠤ ᠡᠳᠦᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠲᠦᠴᠢᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠦᠴᠢᠦᠸᠠᠨ ᠰᠢᠶᠠᠨ ᠤ ᠯᠢᠴᠢᠤᠸᠠᠨ ᠲᠠᠯᠠᠪᠠᠶ ᠳᠤ 32 ᠳ᠋ᠤᠭᠠᠷ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠨᠡᠶᠢᠲᠡᠯᠡᠬᠦ ᠬᠤᠷᠠᠯ ᠥᠷᠨᠢᠭᠦᠯᠪᠡ᠃  ᠰᠢᠶᠠᠨ ᠤ ᠤᠳᠤᠷᠢᠳᠤᠯᠭ᠎ᠠ ᠴᠧᠨ ᠭᠦᠸᠧ ᠮᠢᠩ᠂ ᠶᠧ ᠪᠢᠨ᠂ ᠰᠦᠨ ᠵᠧᠨ ᠠᠵᠢᠯᠯᠠᠭ᠎ᠠ ᠳᠤ ᠣᠷᠣᠯᠴᠠᠪᠠ᠃    ᠲᠦᠴᠢᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠵᠠᠯᠠᠭᠤ ᠺᠠᠳ᠋ᠷᠴᠤᠳ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠴᠠᠷᠭᠢᠯ ᠬᠤᠯᠪᠣᠭ᠎ᠠ ᠶᠢᠨ ᠲᠣᠭᠯᠠᠯᠲᠠ ᠲᠠᠢ ᠤᠶᠠᠯᠳᠤᠭᠤᠯᠵᠤ᠂ ᠤᠬᠠᠭᠤᠯᠭ᠎ᠠ ᠶᠢ ᠨᠡᠩ ᠳᠥᠭᠦᠮ ᠣᠶᠢᠯᠠᠭᠠᠮᠵᠢᠲᠠᠢ᠂ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠵᠠᠢ᠃ ᠡᠭᠦᠨ ᠤ ᠳᠠᠷᠠᠭ᠎ᠠ᠂ ᠭᠠᠶᠢᠯᠢ ᠲᠠᠲᠠᠪᠤᠷᠢ ᠶᠢᠨ ᠤᠬᠠᠭᠤᠯᠤᠭᠴᠢ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠳᠤ ᠬᠠᠮᠤᠭ ᠤᠨ ᠰᠢᠨ᠎ᠡ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠨᠡ ᠵᠢᠯ ᠦᠷᠭᠦᠯᠵᠢᠯᠡᠨ ᠬᠡᠷᠡᠭᠵᠢᠭᠦᠯᠬᠦ ᠵᠢᠴᠢ ᠰᠢᠨ᠎ᠡ ᠪᠠᠷ ᠨᠡᠶᠢᠲᠡᠯᠡᠭᠰᠡᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠤᠬᠠᠭᠤᠯᠤᠨ ᠲᠠᠶᠢᠯᠪᠤᠷᠢᠯᠠᠪᠠ᠃      ᠭᠠᠶᠢᠯᠢ ᠶᠢᠨ ᠬᠠᠤᠯᠢ ᠶᠢ ᠠᠵᠤ ᠠᠬᠤᠶᠢᠯᠠᠯ ᠳᠤ ᠣᠷᠣᠭᠤᠯᠬᠤ᠂ ᠬᠤᠳᠠᠯᠳᠤᠭᠠᠨ ᠤ ᠡᠷᠦᠬᠡ ᠳᠤ ᠣᠷᠣᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠩᠬ᠎ᠠ ᠤᠳᠠᠭ᠎ᠠ ᠵᠠᠷᠯᠠᠬᠤ ᠡᠳᠦᠷ ᠲᠤ᠂ ᠲᠦᠴᠢᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 300 ᠭᠠᠷᠤᠢ ᠬᠤᠪᠢ ᠲᠠᠷᠬᠠᠭᠠᠵᠤ᠂ ᠭᠠᠶᠢᠯᠢ ᠲᠤᠰᠢᠶᠠᠭᠴᠢ ᠶᠢᠨ ᠯᠠᠪᠯᠠᠯᠲᠠ ᠶᠢ 80 ᠬᠥᠮᠥᠨ ᠤᠳᠠᠭ᠎ᠠ ᠭᠥᠯᠢᠶᠡᠨ ᠠᠪᠴᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号