ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ 2023 ᠣᠨ ᠤ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/4
   3 ᠳ᠋ᠤᠭᠠᠷ ᠰᠠᠷ᠎ᠠ ᠶᠢᠨ 1 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠦ ᠴᠧᠩ 2023 ᠣᠨ ᠤ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠪᠠᠭ ᠤᠨ ᠪᠦᠷᠢᠯᠳᠦᠬᠦᠨ ᠵᠢᠴᠢ ᠪᠠᠶᠢᠭᠤᠯᠤᠯᠭ᠎ᠠ ᠶᠢᠨ ᠪᠥᠬᠦ ᠺᠠᠳ᠋ᠷᠴᠤᠳ ᠬᠤᠷᠠᠯ ᠳᠤ ᠣᠷᠣᠯᠴᠠᠵᠠᠶ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠤᠨ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠥᠷᠭᠡᠳᠬᠡᠭᠰᠡᠨ ︶ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ 2023 ᠣᠨ ᠤ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠬᠠᠷᠢᠭᠤᠴᠠᠯᠭ᠎ᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ ︔ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ ︾ ᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠬᠥᠲᠥᠯᠥᠨ ᠵᠢᠯᠣᠭᠤᠳᠴᠤ ᠲᠠᠬᠢᠨ ᠰᠢᠨ᠎ᠡ ᠳᠡᠭᠲᠡᠷ ᠲᠤ ᠭᠠᠷᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号