2 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ ᠤᠨ ᠨᠡᠶᠢᠲᠡᠯᠡᠭᠰᠡᠨ ᠲᠠᠷᠢᠶᠠᠯᠠᠩ ᠮᠠᠯ ᠠᠵᠤ ᠠᠬᠤᠶ᠂ ᠡᠨᠧᠷᠭᠢ ᠶᠢᠨ ᠬᠦᠷᠢᠶᠡᠨ ᠳᠠᠬᠢ ᠨᠢᠭᠡᠳᠦᠭᠡᠷ | ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠨᠡᠷᠡᠰ ᠲᠤ᠂ | ᠮᠠᠨ ᠤ ᠠᠶᠢᠮᠠᠭ ᠤᠨ ᠡᠭᠦᠳᠦᠨ ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠮᠠᠷᠠᠲᠤ ᠶᠢᠨ ᠬᠦᠢᠳᠡᠨ ᠭᠠᠵᠠᠷ ᠤᠨ ᠤᠰᠤᠨ ᠲᠤᠲᠤᠷᠭ᠎ᠠ ᠶᠢᠨ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠲᠣᠰ | ᠲᠤᠷᠰᠢᠯᠲᠠ ᠶᠢᠨ ᠲᠠᠰᠤᠭ ᠪᠣᠯ ᠪᠥᠬᠦ ᠣᠷᠣᠨ ᠤ ᠴᠣᠷ ᠤᠨ ᠭᠠᠭᠴᠠ ᠤᠰᠤᠨ ᠲᠤᠲᠤᠷᠭ᠎ᠠ ᠶᠢᠨ ᠡᠭᠦᠯᠳᠡᠷ | ᠪᠤᠶᠢᠵᠢᠭᠤᠯᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠳᠠ ᠶᠢᠨ | ᠲᠠᠰᠤᠭ ᠪᠤᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠠᠷᠠᠲᠤ ᠶᠢᠨ ᠬᠦᠢᠳᠡᠨ ᠭᠠᠵᠠᠷ ᠤᠨ ᠤᠰᠤᠨ | ᠲᠤᠲᠤᠷᠭ᠎ᠠ ᠶᠢᠨ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ | ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠢᠶᠠᠷ | ᠲᠦᠷᠦᠭᠦᠯᠡᠭᠦᠯᠦᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠡᠭᠦᠨ ᠬᠤᠶᠢᠲᠤ ᠶᠢᠨ | ᠭᠠᠵᠠᠷ ᠵᠦᠶ ᠬᠢᠭᠡᠳ ᠲᠠᠷᠢᠶᠠᠯᠠᠩ ᠤᠨ ᠠᠮᠢ ᠠᠬᠤᠶ ᠶᠢᠨ ᠰᠤᠳᠤᠯᠭᠠᠨ ᠤ ᠭᠠᠵᠠᠷ᠂ ᠲᠦᠩᠯᠢᠶᠣᠤ ᠶᠢᠨ ᠲᠠᠷᠢᠶᠠᠯᠠᠩ | ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠬᠢᠩᠭᠠᠨ ᠠᠶᠢᠮᠠᠭ ᠤᠨ ᠯᠦᠩ ᠬᠤᠸᠠ | ᠲᠡᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠬᠠᠮᠳᠤᠷᠠᠨ ᠪᠠᠶᠢᠭᠤᠯᠪᠠ᠃ 2019 | ᠣᠨ ᠠᠴᠠ ᠨᠠᠰᠢ᠂ ᠲᠤᠰ ᠲᠤᠷᠰᠢᠯᠲᠠ ᠶᠢᠨ ᠲᠠᠰᠤᠭ ᠤᠷᠢᠳ ᠬᠤᠵᠢᠳ ᠤᠯᠤᠰ ᠤᠨ ᠭᠤᠣᠯᠳᠠᠯᠭ᠎ᠠ ᠲᠠᠢ | ᠰᠤᠳᠤᠯᠤᠨ ᠨᠡᠭᠡᠭᠡᠬᠦ ᠲᠤᠰᠬᠠᠢ ᠲᠦᠷᠦᠯ᠂ ᠤᠯᠤᠰ ᠤᠨ ᠤᠰᠤᠨ ᠲᠤᠲᠤᠷᠭ᠎ᠠ ᠶᠢᠨ ᠠᠵᠤ ᠦᠢᠯᠡᠰ ᠤᠨ ᠮᠡᠷᠭᠡᠵᠢᠯ ᠤᠨ | ᠰᠢᠰᠲ᠋ᠧᠮ ᠤᠨ ᠬᠢᠩᠭᠠᠨ ᠠᠶᠢᠮᠠᠭ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠦᠷᠳᠡᠭᠡ ᠶᠢᠨ ᠲᠦᠷᠦᠯ ᠵᠦᠢᠯ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ | ᠲᠦᠷᠦᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠪᠣᠭᠤᠮᠲᠠ ᠰᠢᠪᠲᠤᠯᠬᠤ ᠲᠦᠷᠦᠯ | ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠤᠲᠤᠷᠭ᠎ᠠ ᠶᠢᠨ ᠴᠢᠬᠤᠯᠠ ᠶᠡᠭᠡ | ᠬᠠᠮᠵᠢᠯᠴᠠᠨ ᠳᠡᠯᠭᠡᠷᠡᠭᠦᠯᠬᠦ ᠲᠦᠷᠦᠯ ᠵᠦᠢᠯ ᠵᠡᠷᠭᠡ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ | ᠵᠦᠢᠯ ᠢ 10 ᠭᠠᠷᠤᠢ ᠡᠭᠦᠷᠭᠡᠯᠡᠪᠡ᠃ | ᠳᠠᠷᠠᠭᠠᠴᠢ ᠶᠢᠨ ᠠᠯᠬᠤᠮ ᠳᠤ᠂ ᠮᠠᠨ ᠤ ᠠᠶᠢᠮᠠᠭ ᠤᠨ ᠬᠢᠨ ᠤᠰᠤᠨ ᠲᠤᠲᠤᠷᠭ᠎ᠠ ᠵᠡᠷᠭᠡ ᠭᠤᠣᠯ ᠪᠣᠯᠬᠤ | ᠲᠠᠷᠢᠮᠠᠯ ᠤᠨ ᠰᠢᠯᠢᠳᠡᠭ ᠦᠷ᠎ᠡ ᠪᠣᠯᠤᠨ ᠴᠢᠬᠤᠯᠠ ᠶᠡᠭᠡ ᠡᠭᠦᠯᠳᠡᠷ ᠳᠤᠲᠠᠭᠳᠠᠬᠤ ᠵᠡᠷᠭᠡ ᠪᠣᠭᠤᠮᠢ ᠶᠢᠨ ᠠᠰᠠᠭᠤᠳᠠᠯ ᠢ | ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ | ᠪᠣᠬᠢᠷᠲᠤᠯ ᠥᠬᠡᠶ ᠦᠷᠭᠦᠯᠵᠢᠯᠡᠬᠦ ᠬᠥᠭᠵᠢᠯᠲᠡ ᠵᠡᠷᠭᠡ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠠᠶᠢᠮᠠᠭ ᠤᠨ | ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ | ᠰᠤᠳᠤᠯᠭᠠᠨ ᠢ ᠥᠷᠨᠢᠭᠦᠯᠵᠦ᠂ ᠮᠠᠨ ᠤ ᠠᠶᠢᠮᠠᠭ ᠢ ᠤᠰᠤᠨ ᠲᠤᠲᠤᠷᠭ᠎ᠠ ᠶᠢᠨ ᠬᠦᠷᠢᠶᠡᠨ ᠳᠠᠬᠢ ᠥᠨᠳᠥᠷ ᠬᠢᠷᠢ | ᠲᠦᠪᠰᠢᠨ ᠪᠥᠬᠦᠶ ᠰᠠᠭᠤᠷᠢ ᠰᠤᠳᠤᠯᠭᠠᠨ᠂ ᠬᠡᠷᠡᠭᠯᠡᠭᠡᠨ ᠤ ᠰᠠᠭᠤᠷᠢ ᠰᠤᠳᠤᠯᠭᠠᠨ ᠪᠠ ᠬᠤᠰᠢᠭᠤᠷᠠᠯ ᠮᠡᠷᠭᠡᠵᠢᠯ ᠤᠨ | ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠣᠯᠭᠠᠨ ᠪᠥᠲᠥᠭᠡᠨ | ᠪᠠᠶᠢᠭᠤᠯᠤᠨ᠎ᠠ᠃ | |