3 ᠳ᠋ᠤᠭᠠᠷ ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ 2023 ᠣᠨ ᠤ ᠬᠠᠪᠤᠷ ᠤᠨ ᠡᠬᠢ ᠪᠠᠷ | ᠠᠵᠢᠯ ᠢᠶᠠᠨ ᠡᠬᠢᠯᠡᠭᠦᠯᠦᠨ᠎ᠡ — — ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢ ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠵᠠᠯᠠᠶᠢᠳ ᠬᠤᠰᠢᠭᠤᠨ ᠤ ᠰᠢᠨ | ᠯᠢᠨ ᠪᠠᠯᠭᠠᠰᠤᠨ ᠤ ᠰᠢᠨ ᠹᠧᠩ ᠲᠣᠰᠬᠤᠨ ᠳᠤ ᠶᠠᠪᠤᠭᠳᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠴᠢᠦᠸᠠᠨ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ ᠳᠤ | ᠸᠢᠳᠢᠤ᠋ ᠬᠡᠯᠪᠡᠷᠢ ᠪᠠᠷ ᠵᠡᠷᠭᠡᠪᠡᠷ ᠶᠠᠪᠤᠭᠳᠠᠭᠤᠯᠪᠠ᠃ | ᠤᠬᠤᠭᠤᠷ ᠮᠠᠰᠢᠨ᠂ ᠰᠢᠷᠣᠢ ᠲᠦᠯᠬᠢᠬᠦ ᠮᠠᠰᠢᠨ ᠨᠠᠰᠢ ᠴᠠᠰᠢ ᠰᠦᠯᠵᠢᠯᠳᠦᠵᠦ᠂ ᠥᠨᠳᠥᠷ ᠢ ᠮᠠᠯᠲᠠᠵᠤ | ᠳᠣᠣᠷ᠎ᠠ ᠶᠢ ᠪᠥᠭᠯᠡᠵᠦ᠂ ᠭᠠᠵᠠᠷ ᠰᠢᠷᠣᠢ ᠶᠢ ᠲᠡᠭᠰᠢᠯᠡᠪᠡ ᠁ ᠬᠦᠷᠴᠢᠭᠢᠨᠡᠬᠦ ᠮᠠᠰᠢᠨ ᠤ ᠳᠠᠭᠤᠨ ᠤ ᠳᠤᠮᠳᠠ᠂ | ᠬᠢᠩᠭᠠᠨ ᠠᠶᠢᠮᠠᠭ ᠤᠨ 2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ | ᠪᠠᠶᠢᠭᠤᠯᠤᠯᠲᠠ ᠶᠢᠨ ︽ᠳᠠᠭᠠᠷᠢᠯᠲᠠ ᠶᠢᠨ ᠪᠦᠷᠢᠶ᠎ᠡ ︾ ᠵᠢᠩᠬᠢᠨᠢ ᠪᠠᠷ ᠬᠠᠩᠭᠢᠨᠠᠨ ᠴᠤᠤᠷᠢᠶᠠᠲᠤᠪᠠ᠃ ᠡᠨᠡ ᠵᠢᠯ᠂ | ᠪᠥᠬᠦ ᠠᠶᠢᠮᠠᠭ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 101 ᠲᠦᠮᠡᠨ ᠮᠥ ᠪᠠᠶᠢᠭᠤᠯᠬᠤ ᠪᠠᠷ | ᠲᠥᠯᠥᠪᠯᠡᠵᠦ ᠪᠣᠶ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠰᠢᠨ᠎ᠡ ᠪᠠᠷ ᠪᠠᠶᠢᠭᠤᠯᠬᠤ ᠡᠭᠦᠷᠭᠡ | 71 ᠲᠦᠮᠡᠨ ᠮᠥ ᠳᠤ ᠬᠦᠷᠴᠡᠶ᠂ ᠡᠭᠦᠨ ᠳᠤ ᠵᠠᠯᠠᠶᠢᠳ ᠬᠤᠰᠢᠭᠤᠨ ᠤ 28 ᠲᠦᠮᠡᠨ ᠮᠥ᠂ ᠳᠤᠮᠳᠠᠳᠤ | ᠬᠤᠰᠢᠭᠤᠨ ᠤ 24 ᠲᠦᠮᠡᠨ ᠮᠥ᠂ ᠲᠦᠴᠢᠦᠸᠠᠨ ᠤ 19 ᠲᠦᠮᠡᠨ ᠮᠥ ᠪᠠᠭᠲᠠᠨ᠎ᠠ ︔ 30 ᠲᠦᠮᠡᠨ ᠮᠥ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ | ᠣᠷᠣᠭᠤᠯᠬᠤ ᠪᠠᠷ ᠭᠤᠶᠤᠴᠢᠯᠠᠪᠠ᠃ ︽ᠨᠢᠭᠡ ᠶᠢ ᠲᠤᠰᠢᠶᠠᠬᠤ᠂ ᠨᠢᠭᠡ ᠶᠢ ᠬᠢᠨᠠᠨ ᠲᠣᠭᠲᠠᠭᠠᠬᠤ᠂ ᠨᠢᠭᠡ ᠶᠢ | ᠴᠤᠬᠤᠯᠠᠪᠤᠷᠢᠯᠠᠬᠤ᠂ ᠨᠢᠭᠡ ᠶᠢ ᠳᠠᠭᠠᠭᠠᠴᠢᠯᠠᠯᠲᠠ ᠵᠠᠷᠯᠠᠬᠤ᠂ ᠨᠢᠭᠡ ᠶᠢ ᠠᠵᠢᠯ ᠡᠬᠢᠯᠡᠭᠦᠯᠬᠦ ︾ ᠵᠠᠷᠴᠢᠮ ᠤᠨ | ᠶᠣᠰᠣᠭᠠᠷ᠂ 3 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠲᠤ᠂ ᠲᠥᠷᠥᠯ ᠵᠦᠢᠯ ᠤᠨ ᠠᠵᠢᠯ ᠡᠬᠢᠯᠡᠭᠦᠯᠦᠭᠰᠡᠨ | ᠨᠤᠷᠮ᠎ᠠ ᠶᠢ 50% ᠠᠴᠠ ᠳᠡᠭᠡᠭᠰᠢ ᠳᠤ ᠬᠦᠷᠦᠭᠦᠯᠵᠦ᠂ 4 ᠳ᠋ᠤᠭᠠᠷ ᠰᠠᠷ᠎ᠠ ᠶᠢᠨ ᠡᠬᠢ ᠪᠠᠷ 100% ᠪᠠᠷ ᠠᠵᠢᠯ | ᠡᠬᠢᠯᠡᠭᠦᠯᠦᠨ ᠪᠥᠳᠥᠭᠡᠨ ᠪᠠᠶᠢᠭᠤᠯᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ 11 ᠳ᠋ᠤᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ ᠠᠵᠢᠯ ᠳᠠᠭᠤᠰᠬᠠᠬᠤ ᠶᠢᠨ ᠬᠠᠮᠲᠤ ᠲᠥᠷᠥᠯ ᠵᠦᠢᠯ ᠤᠨ ᠠᠩᠬᠠᠨ ᠤ ᠰᠢᠯᠭᠠᠯᠲᠠ ᠶᠢ | ᠳᠠᠭᠤᠰᠬᠠᠵᠤ᠂ 12 ᠳ᠋ᠤᠭᠠᠷ ᠰᠠᠷ᠎ᠠ ᠳᠤ ᠲᠥᠷᠥᠯ ᠵᠦᠢᠯ ᠤᠨ ᠠᠵᠢᠯ ᠳᠠᠭᠤᠰᠤᠭᠰᠠᠨ ᠢ ᠰᠢᠯᠭᠠᠨ ᠪᠠᠶᠢᠴᠠᠭᠠᠵᠦ | ᠪᠤᠯᠤᠨ᠎ᠠ᠃ | ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠬᠢᠨ ᠢᠮᠠᠭᠲᠠ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠬᠡᠨ ᠪᠠᠶᠢᠭᠤᠯᠤᠯᠲᠠ ᠶᠢ ᠲᠦᠷᠭᠡᠨ ᠠᠬᠢᠭᠤᠯᠬᠤ ᠶᠢ ᠠᠮᠤ ᠪᠤᠳᠠᠭᠠᠨ ᠤ ᠤᠨᠠᠯᠲᠠ ᠶᠢ | ᠲᠣᠭᠲᠠᠭᠤᠨ ᠢᠶᠠᠷ ᠳᠡᠭᠡᠭᠰᠢᠯᠡᠭᠦᠯᠬᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠴᠢᠬᠤᠯᠠ ᠠᠷᠭ᠎ᠠ | ᠬᠡᠮᠵᠢᠶ᠎ᠡ ᠪᠣᠯᠭᠠᠵᠤ᠂ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ | ᠬᠠᠳᠠᠭᠠᠯᠠᠬᠤ ︾ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠦ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ︽ᠠᠮᠤ ᠪᠤᠳᠠᠭᠠᠨ ᠤ | ᠲᠠᠷᠢᠶ᠎ᠠ ︾ ᠶᠢ ︽ᠰᠠᠶᠢᠨ ᠲᠠᠷᠢᠶ᠎ᠠ ︾ ᠪᠣᠯᠭᠠᠨ ᠬᠤᠪᠢᠷᠠᠭᠤᠯᠬᠤ ᠶᠢ ᠠᠬᠢᠭᠤᠯᠵᠠᠢ᠃ 2022 ᠣᠨ ᠤ | ᠰᠡᠭᠦᠯᠴᠢ ᠪᠣᠯᠲᠠᠯ᠎ᠠ᠂ ᠬᠢᠩᠭᠠᠨ ᠠᠶᠢᠮᠠᠭ ᠤᠨ ᠬᠢᠨ ᠨᠢᠭᠡᠨᠲᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 730.62 | ᠲᠦᠮᠡᠨ ᠮᠦ ᠪᠠᠶᠢᠭᠤᠯᠵᠠᠢ᠃ | |