ᠲᠦᠴᠢᠦᠸᠠᠨ ᠰᠢᠶᠠᠨ 2023 ᠣᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠤᠨ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠵᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/4
   3 ᠰᠠᠷ᠎ᠠ ᠶᠢᠨ 2  ᠤᠨ ᠡᠳᠦᠷ ᠠᠴᠠ 3  ᠤ ᠡᠳᠦᠷ ᠪᠣᠯᠲᠠᠯ᠎ᠠ᠂ ᠲᠦᠴᠢᠦᠸᠠᠨ ᠰᠢᠶᠠᠨ 2023 ᠣᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠤᠨ ᠲᠤᠬᠠᠢ ᠶᠢᠨ ᠲᠠᠯᠠᠪᠠᠢ ᠶᠢ ᠲᠣᠭᠤᠷᠢᠨ ᠦᠵᠡᠬᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠵᠢᠴᠢ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠶᠠᠷ ᠡᠳᠦᠷ ᠤᠨ ᠳᠣᠲᠣᠷ᠎ᠠ᠂ ᠦᠵᠡᠭᠦᠯᠦᠯᠭᠡ ᠶᠢᠨ ᠪᠦᠯᠬᠦᠮ ᠤᠨ ᠬᠢᠨ ᠪᠦᠬᠦ ᠰᠢᠶᠠᠨ ᠤ ᠶᠢᠰᠦᠨ ᠰᠢᠶᠠᠩ ᠪᠠᠯᠭᠠᠰᠤ᠂ ᠬᠤᠶᠠᠷ ᠬᠦᠷᠢᠶᠡᠯᠡᠩ ᠲᠣᠭᠤᠷᠢᠭ ᠤᠨ 26 ᠦᠵᠡᠭᠦᠯᠦᠯᠭᠡ ᠶᠢᠨ ᠴᠡᠭ ᠲᠤ ᠭᠦᠨᠵᠡᠭᠡᠶᠢᠷᠡᠵᠦ᠂ ᠬᠦᠷᠦᠭᠰᠡᠨ ᠭᠠᠵᠠᠷ ᠪᠣᠯᠭᠠᠨ ᠳᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠰᠢᠶᠠᠩ ᠪᠠᠯᠭᠠᠰᠤᠨ ᠤ ᠬᠠᠷᠢᠭᠤ ᠮᠡᠳᠡᠭᠦᠯᠦᠯᠲᠡ ᠶᠢ ᠰᠣᠨᠣᠰᠬᠤ᠂ ᠰᠠᠯᠠᠭ᠎ᠠ ᠮᠥᠴᠢᠷ ᠤᠨ ᠬᠢᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢᠨ ᠦᠨᠡᠯᠡᠯᠲᠡ ᠂ ᠰᠢᠶᠠᠨ ᠤ ᠤᠳᠤᠷᠢᠳᠤᠯᠭ᠎ᠠ ᠲᠤᠬᠠᠢ ᠶᠢᠨ ᠲᠠᠯᠠᠪᠤᠷ ᠲᠤ ᠦᠨᠡᠯᠡᠯᠲᠡ ᠬᠢᠬᠦ ᠠᠷᠭ᠎ᠠ ᠮᠠᠶ᠋ᠢᠭ ᠲᠠᠢ ᠤᠶᠠᠯᠳᠤᠭᠤᠯᠤᠨ ᠡᠯ᠎ᠡ ᠭᠠᠵᠠᠷ ᠤᠨ ᠲᠠᠷᠢᠶᠠᠯᠠᠩ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠵᠢᠴᠢ ᠠᠵᠢᠯ ᠢ ᠲᠦᠯᠬᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠬᠦ ᠲᠥᠰᠥᠯ ᠢ ᠰᠤᠳᠤᠯᠤᠨ᠂ ᠲᠣᠭᠤᠷᠢᠨ ᠦᠵᠡᠭᠰᠡᠨ ᠤ ᠳᠠᠷᠠᠭ᠎ᠠ ᠪᠠᠰᠠ ᠲᠤᠬᠠᠢ ᠶᠢᠨ ᠲᠠᠯᠠᠪᠤᠷ ᠲᠤᠨᠢ ᠬᠤᠪᠢ ᠥᠭᠭᠦᠭᠰᠡᠨ ᠪᠠᠶᠢᠨ᠎ᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠵᠠᠩᠭᠢᠯᠠᠭ᠎ᠠ ᠨᠢ ᠲᠦᠷᠦᠯ ᠵᠦᠢᠯ ᠳᠤ ᠲᠦᠰᠢᠭᠯᠡᠨ᠎ᠡ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠠᠵᠢᠯ ᠤᠨ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠴᠢᠩᠭ᠎ᠠ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠴᠠᠭ ᠮᠥᠴᠡ ᠶᠢ ᠠᠯᠳᠠᠯ ᠦᠭᠡᠢ ᠴᠢᠷᠮᠠᠶᠢᠨ ᠠᠬᠢᠴᠠ ᠶᠢ ᠠᠮᠵᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠢ ᠰᠠᠶᠢᠲᠤᠷ ᠠᠳᠬᠤᠵᠤ᠂ ᠨᠡᠩ ᠪᠣᠳᠠᠲᠠᠢ ᠰᠤᠷᠲᠠᠯ ᠢᠶᠠᠷ ᠨᠢᠭᠡᠨᠲᠡ ᠲᠣᠭᠲᠠᠭᠰᠠᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠵᠤ᠂ ᠪᠦᠷᠢᠨ ᠲᠡᠭᠦᠯᠳᠡᠷ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠲᠦᠷᠦᠯ ᠵᠦᠢᠯ ᠤᠨ ᠨᠥᠭᠡᠴᠡ ᠶᠢ ᠰᠠᠶᠢᠲᠤᠷ ᠠᠳᠬᠤᠵᠤ᠂ ᠰᠠᠨᠠᠭᠠᠴᠢᠯᠠᠭ᠎ᠠ ᠠᠴᠠ ᠪᠠᠨ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠶᠢ ᠰᠤᠳᠤᠯᠵᠤ᠂ ᠵᠠᠬ᠎ᠠ ᠳᠡᠯᠭᠡᠭᠦᠷ ᠤᠨ ᠤᠳᠤᠷᠢᠳᠤᠮᠵᠢ ᠶᠢ ᠵᠠᠳᠠᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ ᠡᠷᠴᠢ ᠵᠣᠷᠢᠭ ᠢᠶᠠᠨ ᠰᠢᠪᠬᠠᠨ ᠲᠦᠷᠦᠯ ᠵᠦᠢᠯ ᠢ ᠪᠠᠶᠢᠭᠤᠯᠬᠤ ᠬᠡᠷᠡᠭᠲᠡᠢ᠃ ᠪᠣᠳᠠᠲᠤ ᠪᠠᠶᠢᠳᠠᠯ ᠳᠤ ᠰᠠᠭᠤᠷᠢᠯᠠᠨ ᠣᠷᠣᠨ ᠪᠠᠶᠢᠷᠢ ᠪᠠᠨ ᠣᠨᠣᠪᠴᠢᠲᠠᠢ ᠲᠣᠭᠲᠠᠭᠠᠵᠤ᠂ ᠤᠳᠤ ᠶᠢᠨ ᠪᠠᠶᠢᠭ᠎ᠠ ᠲᠦᠷᠦᠯ ᠵᠦᠢᠯ ᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠬᠦ ᠨᠡᠩ ᠤᠯᠠᠨ ᠲᠦᠷᠦᠯ ᠵᠦᠢᠯ ᠢ ᠲᠥᠰᠥᠪᠯᠡᠨ ᠨᠥᠭᠡᠴᠡᠯᠡᠵᠦ᠂ ᠪᠣᠳᠠᠲᠤ ᠬᠦᠴᠦᠨ ᠲᠠᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠢᠳᠡᠪᠬᠢᠲᠡᠢ ᠬᠥᠲᠥᠯᠥᠨ ᠵᠢᠯᠤᠭᠤᠳᠬᠤ ᠬᠡᠷᠡᠭᠲᠡᠢ᠃ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠰᠤᠳᠤᠯᠵᠤ᠂ ᠲᠦᠴᠢᠦᠸᠠᠨ ᠤ ᠣᠨᠴᠠᠯᠢᠭᠲᠤ ᠪᠦᠲᠦᠭᠡᠭᠳᠡᠬᠦᠨ ᠢ ᠳᠡᠯᠭᠡᠷᠡᠭᠦᠯᠵᠦ᠂ ᠲᠦᠷᠦᠯ ᠲᠡᠮᠳᠡᠭ ᠢ ᠦᠨᠡᠨ ᠬᠦ ᠢᠯᠠ ᠪᠣᠯᠭᠠᠵᠤ᠂ ᠠᠵᠤ ᠦᠢᠯᠡᠰ ᠢ ᠠᠮᠢᠳᠤᠯᠢᠭ ᠪᠣᠯᠭᠠᠵᠤ᠂ ᠤᠯᠠᠨ ᠲᠦᠮᠡᠨ ᠢ ᠰᠠᠶᠢᠲᠤᠷ ᠳᠠᠶᠢᠴᠢᠯᠠᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠠᠴᠠ ᠵᠠᠶᠢᠯᠠᠵᠤ᠂ ᠲᠦᠷᠦᠯ ᠵᠦᠢᠯ ᠨᠢᠭᠡᠪᠦᠷᠢ ᠶᠢ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠲᠦᠷᠦᠯ ᠵᠦᠢᠯ ᠢ ᠦᠨᠡᠨᠬᠦ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠡᠵᠡᠩᠨᠡᠵᠦ᠂ ᠲᠦᠷᠦᠯ ᠵᠦᠢᠯ ᠨᠢᠭᠡᠪᠦᠷᠢ ᠶᠢ ᠠᠯᠤᠰ ᠬᠡᠳᠦ ᠳᠤ ᠰᠠᠭᠤᠷᠢᠯᠠᠭᠰᠠᠨ ᠠᠷᠠᠳ ᠢ ᠪᠠᠶᠠᠵᠢᠭᠤᠯᠬᠤ ᠲᠦᠷᠦᠯ ᠵᠦᠢᠯ ᠪᠣᠯᠭᠠᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号