ᠲᠦᠴᠢᠦᠸᠠᠨ ᠰᠢᠶᠠᠨ ᠤ ᠲᠠᠮᠢᠷ ᠤᠨ ᠣᠷᠳᠣᠨ᠂ ᠲᠦᠷᠭᠡᠨ ᠲᠡᠰᠢᠯᠲᠡ ᠶᠢᠨ ᠣᠷᠳᠣᠨ ᠢ ᠨᠡᠶᠢᠭᠡᠮ ᠨᠡᠶᠢᠲᠡ ᠳᠤ ᠬᠠᠨᠳᠤᠭᠤᠯᠤᠨ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ᠎ᠡ
ᠨᠡᠶᠢᠲᠡᠯᠡᠭᠰᠡᠨ ᠴᠠᠭ᠄
2023/3/6
   ᠲᠦᠴᠢᠦᠸᠠᠨ ᠰᠢᠶᠠᠨ ᠤ ᠲᠠᠮᠢᠷ ᠤᠨ ᠣᠷᠳᠣᠨ 2019 ᠣᠨ ᠳᠤ ᠠᠰᠢᠭᠯᠠᠯᠲᠠ ᠳᠤ ᠤᠷᠤᠵᠤ᠂  ᠡᠵᠡᠯᠡᠬᠦ ᠲᠠᠯᠠᠪᠠᠢ ᠨᠢ 2.4 ᠲᠦᠮᠡᠨ ᠲᠡᠭᠰᠢ ᠳᠥᠷᠪᠡᠯᠵᠢᠨ ᠮᠧᠲᠷ᠂ ᠲᠠᠯᠠᠪᠠᠢ᠂  ᠪᠠᠷᠢᠯᠭ᠎ᠠ ᠶᠢᠨ ᠲᠠᠯᠠᠪᠠᠢ ᠨᠢ 1 ᠲᠦᠮᠡᠨ ᠲᠡᠭᠰᠢ ᠳᠥᠷᠪᠡᠯᠵᠢᠨ ᠮᠧᠲᠷ ᠪᠤᠯᠤᠨ᠎ᠠ᠃ ᠲᠤᠳᠤᠷ᠎ᠠ ᠨᠢ ᠬᠦᠷᠳᠦᠲᠦ ᠲᠡᠰᠢᠯᠲᠡ ᠶᠢᠨ ᠮᠥᠰᠥᠨ ᠪᠥᠮᠪᠦᠭᠡ᠂ ᠰᠠᠭᠰᠤᠨ ᠪᠥᠮᠪᠦᠭᠡ᠂ ᠫᠢᠩᠫᠠᠩ ᠪᠥᠮᠪᠦᠭᠡ᠂ ᠥᠳᠥᠨ ᠪᠥᠮᠪᠦᠭᠡ᠂ ᠠᠯᠠᠭᠠᠳᠠᠬᠤ ᠪᠥᠮᠪᠦᠭᠡ ᠵᠡᠷᠭᠡ ᠲᠠᠮᠢᠷ ᠤᠨ ᠲᠠᠯᠠᠪᠠᠶ ᠲᠠᠢ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠭᠡᠷ ᠳᠣᠲᠣᠷᠠᠬᠢ ᠳᠠᠩ ᠪᠡᠶᠡᠲᠦ ᠲᠠᠯᠠᠪᠠᠶ ᠪᠠᠷ ᠬᠠᠮᠤᠭ ᠤᠨ ᠶᠡᠭᠡ ᠶᠡᠷᠦᠩᠬᠡᠶᠢᠯᠡᠭᠰᠡᠨ ᠴᠢᠨᠠᠷᠲᠠᠢ ᠲᠠᠮᠢᠷ ᠤᠨ ᠣᠷᠳᠣᠨ ᠪᠣᠯᠣᠨ᠎ᠠ᠃    ᠲᠦᠴᠢᠦᠸᠠᠨ ᠰᠢᠶᠠᠨ ᠤ ᠲᠠᠮᠢᠷ ᠤᠨ ᠣᠷᠳᠣᠨ ᠠᠰᠢᠭᠯᠠᠯᠲᠠ ᠳᠤ ᠣᠷᠣᠭᠰᠠᠨ ᠠᠴᠠ ᠨᠠᠰᠢ᠂ ᠤᠷᠢᠳ ᠬᠤᠵᠢᠳ 2019 ᠣᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠠᠯᠠᠭᠠᠳᠠᠬᠤ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠣᠷᠣᠨ ᠤ ᠲᠠᠰ ᠤᠨ ᠤᠷᠤᠯᠳᠤᠭᠠᠨ ᠢ 6 ᠤᠳᠠᠭ᠎ᠠ ᠳᠠᠭᠠᠭᠠᠴᠢᠯᠠᠨ ᠡᠷᠭᠢᠯᠡᠭᠰᠡᠨ ᠪᠥᠭᠡᠳ 2020 ᠣᠨ ᠳᠤ ᠪᠥᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠦᠷᠳᠦᠲᠦ ᠲᠡᠰᠢᠯᠲᠡ ᠶᠢᠨ ᠮᠥᠰᠥᠨ ᠪᠥᠮᠪᠦᠭᠡ ᠶᠢᠨ ᠤᠷᠤᠯᠳᠤᠭᠠᠨ ᠢ ᠪᠡᠯᠡᠳᠬᠡᠪᠡ᠃
   ᠲᠦᠴᠢᠦᠸᠠᠨ ᠰᠢᠶᠠᠨ ᠤ ᠲᠦᠷᠭᠡᠨ ᠲᠡᠰᠢᠯᠲᠡ ᠶᠢᠨ ᠣᠷᠳᠣᠨ ᠤ ᠡᠵᠡᠯᠡᠬᠦ ᠲᠠᠯᠠᠪᠠᠶ ᠨᠢ 20 ᠮᠦ᠂ ᠪᠠᠷᠢᠯᠭ᠎ᠠ ᠶᠢᠨ ᠲᠠᠯᠠᠪᠠᠶ ᠨᠢ 5800 ᠲᠡᠭᠰᠢ ᠳᠥᠷᠪᠡᠯᠵᠢᠨ ᠮᠧᠲᠷ ᠪᠠᠶᠢᠵᠤ᠂ ᠤᠯᠤᠰ ᠤᠨ ᠬᠤᠶᠠᠳᠤᠭᠠᠷ ᠳᠡᠰ ᠤᠨ ᠲᠦᠷᠭᠡᠨ ᠲᠡᠰᠢᠯᠲᠡ ᠶᠢᠨ ᠣᠷᠳᠣᠨ ᠤ ᠪᠠᠷᠢᠮᠵᠢᠶ᠎ᠠ ᠪᠠᠷ ᠲᠥᠯᠥᠪᠵᠢᠭᠦᠯᠦᠨ ᠪᠠᠶᠢᠭᠤᠯᠤᠭᠰᠠᠨ ᠪᠥᠭᠡᠳ ᠣᠳᠣᠬᠠᠨ ᠳᠤ ᠪᠥᠬᠦ ᠣᠷᠣᠨ ᠤ ᠬᠤᠰᠢᠭᠤ ᠰᠢᠶᠠᠨ ᠤ ᠱᠠᠲᠤᠨ ᠤ ᠴᠣᠷ ᠤᠨ ᠭᠠᠭᠴᠠ ᠲᠦᠷᠭᠡᠨ ᠲᠡᠰᠢᠯᠲᠡ ᠶᠢᠨ ᠣᠷᠳᠣᠨ ᠪᠣᠯᠣᠨ᠎ᠠ ᠃ ᠳᠣᠲᠣᠷ᠎ᠠ ᠨᠢ 60 ᠮᠧᠲᠷ ᠤᠷᠲᠤ᠂ 30 ᠮᠧᠲᠷ ᠥᠷᠭᠡᠨ 1800 ᠲᠡᠭᠰᠢ ᠳᠥᠷᠪᠡᠯᠵᠢᠨ ᠮᠧᠲᠷ ᠤᠨ ᠣᠯᠠᠨ ᠤᠯᠤᠰ ᠤᠨ ᠪᠠᠷᠢᠮᠵᠢᠶ᠎ᠠ ᠲᠠᠢ ᠮᠥᠰᠥᠨ ᠲᠠᠯᠠᠪᠠᠶ ᠲᠠᠢ ᠪᠠᠶᠢᠵᠤ᠂ ᠡᠯ᠎ᠡ ᠳᠡᠰ ᠤᠨ ᠣᠶᠢᠷ᠎ᠠ ᠵᠠᠮ ᠤᠨ ᠲᠦᠷᠭᠡᠨ ᠲᠡᠰᠢᠯᠲᠡ᠂ ᠬᠦᠷᠳᠦᠲᠦ ᠲᠡᠰᠢᠯᠲᠡ ᠶᠢᠨ ᠮᠥᠰᠥᠨ ᠪᠥᠮᠪᠦᠭᠡ ᠵᠡᠷᠭᠡ ᠤᠷᠤᠯᠳᠤᠭᠠᠨ ᠢ ᠲᠠᠭᠠᠭᠠᠴᠢᠯᠠᠨ ᠠᠪᠴᠤ ᠪᠣᠯᠬᠤ ᠨᠢᠭᠡᠨ ᠣᠯᠠᠨ ᠴᠢᠳᠠᠪᠤᠷᠢᠲᠤ ᠶᠡᠷᠦᠩᠬᠡᠶᠢᠯᠡᠭᠰᠡᠨ ᠴᠢᠨᠠᠷᠲᠠᠢ ᠲᠠᠯᠠᠪᠤᠷ ᠪᠣᠯᠣᠨ᠎ᠠ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠣᠶᠢᠷ᠎ᠠ ᠵᠠᠮ ᠤᠨ ᠲᠦᠷᠭᠡᠨ ᠲᠡᠰᠢᠯᠲᠡ ᠶᠢᠨ ᠤᠷᠤᠯᠳᠤᠭᠠᠨ ᠢ 4 ᠤᠳᠠᠭ᠎ᠠ ᠡᠷᠬᠢᠯᠡᠨ ᠬᠢᠵᠠᠢ᠃
   ᠣᠯᠠᠨ ᠲᠦᠮᠡᠨ ᠳᠤ ᠠᠰᠢᠭ ᠬᠦᠷᠲᠡᠭᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠦᠴᠢᠦᠸᠠᠨ ᠰᠢᠶᠠᠨ ᠳᠤ ᠲᠦᠭᠡᠮᠡᠯᠵᠢᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠲᠦᠷᠭᠡᠨ ᠲᠡᠰᠢᠯᠲᠡ ᠶᠢᠨ ᠣᠷᠳᠣᠨ ᠣᠷᠣᠢ ᠪᠦᠷᠢ ᠶᠢᠨ 6᠄ 30 ︱ 9᠄ 00 ᠴᠠᠭ ᠲᠤ ᠨᠡᠶᠢᠭᠡᠮ ᠤᠨ ᠣᠯᠠᠨ ᠲᠦᠮᠡᠨ ᠳᠤ ᠬᠠᠨᠳᠤᠭᠤᠯᠤᠨ ᠴᠢᠯᠦᠭᠡᠲᠡᠢ ᠨᠡᠭᠡᠭᠡᠬᠦ ᠪᠠᠷ ᠲᠦᠬᠢᠷᠠᠭᠤᠯᠬᠤ ᠶᠢᠨ ᠬᠠᠮᠲᠤ ᠥᠷᠭᠡᠨ ᠣᠯᠠᠨ ᠲᠦᠮᠡᠨ ᠳᠤ ᠲᠤᠰᠬᠠᠢ ᠮᠡᠷᠭᠡᠵᠢᠯ ᠤᠨ ᠮᠥᠰᠥᠨ ᠱᠠᠬᠠᠢ ᠵᠢᠴᠢ ᠮᠥᠰᠥ ᠲᠡᠰᠢᠯᠲᠡ ᠶᠢᠨ ᠲᠣᠨᠤᠭ ᠲᠥᠬᠦᠭᠡᠷᠦᠮᠵᠢ ᠬᠠᠩᠭᠠᠵᠤ᠂ ᠨᠡᠶᠢᠭᠡᠮ ᠨᠡᠶᠢᠲᠡ ᠶᠢᠨ ᠣᠯᠠᠨ ᠲᠦᠮᠡᠨ ᠳᠤ ᠰᠦᠢᠳᠭᠡᠯ ᠬᠤᠷᠢᠶᠠᠬᠤ ᠦᠭᠡᠢ ᠪᠠᠷ ᠴᠢᠯᠦᠭᠡᠲᠡᠢ ᠨᠡᠭᠡᠭᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号