ᠬᠢᠩᠭᠠᠨ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠬᠢᠭᠡᠳ ᠪᠡᠭᠡᠵᠢᠩ ᠬᠤᠲᠠ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢ ᠵᠣᠯᠭᠠᠭᠤᠯᠬᠤ ᠠᠵᠢᠯ ᠢ ᠭᠦᠨᠵᠡᠭᠡᠶ ᠥᠷᠨᠢᠭᠦᠯᠪᠡ
ᠨᠡᠶᠢᠲᠡᠯᠡᠭᠰᠡᠨ ᠴᠠᠭ᠄
2023/3/7
    ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠰᠡᠳᠬᠢᠮᠵᠢ ᠪᠠᠨ ᠥᠷᠭᠡᠳᠬᠡᠨ᠂ ᠬᠥᠭᠵᠢᠯᠲᠡ ᠶᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠷᠢᠯᠴᠠᠨ ᠠᠰᠢᠭ ᠣᠯᠭᠤᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢᠨ ᠲᠤᠰᠠᠳᠠ᠂ 3 ᠰᠠᠷ᠎ᠠ ᠶᠢᠨ 1 ᠠᠴᠠ 4 ᠤ ᠡᠳᠦᠷ᠂ ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠪᠠᠶᠢᠳᠠᠯ᠂ ᠪᠠᠭ᠋ᠠᠷᠤᠮ᠎ᠠ ᠬᠢᠩᠭᠠᠨ ᠠᠶᠠᠯᠠᠯ ︾ ᠠᠵᠢᠯ ᠲᠥᠷᠥᠯ ᠤᠨ ᠬᠠᠪᠰᠤᠷᠤᠨ ᠲᠡᠳᠬᠦᠬᠦ ᠳᠤᠭᠤᠶᠢᠯᠠᠩ ᠤᠨ ᠪᠡᠭᠡᠵᠢᠩ ᠬᠤᠲᠠ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠡᠷᠬᠢᠯᠡᠭᠴᠢ ᠱᠣᠤ ᠵᠢᠤᠢ ᠮᠢᠩ ᠵᠢᠴᠢ ᠬᠠᠩᠭᠠᠨ ᠪᠣᠷᠣᠯᠠᠭᠤᠯᠬᠤ ᠱᠦᠨ ᠨᠦᠩ ︵ᠪᠡᠭᠡᠵᠢᠩ ︶ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠠᠩ ᠸᠧᠨ ᠭᠤᠸᠠᠩ ᠳᠥᠷᠪᠡᠭᠦᠯᠡ ᠬᠢᠩᠭᠠᠨ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠬᠤᠯᠪᠣᠭᠳᠠᠯ ᠪᠥᠬᠦᠶ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠤᠳᠤᠷᠢᠳᠤᠯᠭ᠎ᠠ᠂ ᠬᠤᠰᠢᠭᠤ ᠰᠢᠶᠠᠨ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠢᠩᠭᠠᠨ ᠠᠶᠢᠮᠠᠭ ᠤᠨ ᠵᠢᠤᠢ ᠯᠢᠨ ᠪᠣᠷᠳᠣᠭᠤᠷ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠬᠢᠩᠭᠠᠨ ᠠᠶᠢᠮᠠᠭ ᠤᠨ ᠵᠦᠸᠧ ᠯᠢ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠤᠲᠠ ᠶᠢᠨ ᠪᠸᠢ ᠶᠠᠨ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠤᠯᠠᠭᠠᠨᠬᠤᠳᠠ 1947 ᠶᠡᠷᠦᠩᠬᠡᠶᠢᠯᠡᠭᠰᠡᠨ ᠳᠡᠯᠭᠡᠭᠦᠷ᠂ ᠷᠠᠰᠢᠶᠠᠨ ᠰᠢᠶᠠᠩ ᠰᠢᠶᠠᠩ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠨ ᠶᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠢᠦᠶ ᠹᠧᠩ ᠴᠢᠤᠸᠠᠨ ᠬᠢᠵᠠᠭᠠᠷᠲᠤ ᠺᠣᠮᠫᠠᠨᠢ ᠶᠢᠨ ᠠᠯᠠᠰᠢᠨ ᠤ ᠦᠢᠯᠡᠳᠪᠦᠷᠢ ᠪᠠ ᠪᠦᠲᠦᠭᠡᠭᠳᠡᠬᠦᠨ ᠤ ᠡᠵᠡᠩᠨᠡᠨ ᠪᠣᠷᠣᠯᠠᠭᠤᠯᠬᠤ ᠳᠡᠯᠭᠡᠭᠦᠷ᠂ ᠥᠪᠥᠷ ᠮᠣᠩᠭᠤᠯ ᠤᠨ ᠵᠥᠩ ᠵᠢᠶᠠ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ᠂ ᠬᠢᠩᠭᠠᠨ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠦᠢᠯᠡᠳᠪᠦᠷᠢᠯᠡᠯ ᠤᠨ ᠬᠡᠷᠡᠭᠰᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ ᠰᠢᠶᠠᠩ ᠶᠤᠸᠠᠨ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ᠂ ᠲᠠᠨᠢᠯᠴᠠᠭᠤᠯᠭ᠎ᠠ ᠶᠢ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠶᠠᠷᠢᠯᠴᠠᠬᠤ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ᠬᠤᠯᠪᠣᠭ᠎ᠠ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠤ ᠠᠬᠤᠶᠢᠯᠠᠯ ᠤᠨ ᠪᠦᠳᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠭᠦᠨᠵᠡᠭᠡᠢ ᠰᠣᠯᠢᠯᠴᠠᠵᠤ᠂ ᠭᠦᠢᠯᠭᠡᠭᠡᠨ ᠤ ᠦᠢᠯᠡᠴᠢᠯᠡᠭᠡᠨ ᠤ ᠲᠣᠣᠷ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠬᠦᠴᠢᠷᠳᠡᠯ᠂ ᠡᠪᠡᠷᠰᠢᠶᠡᠯ ᠪᠠ ᠲᠦᠭᠵᠢᠷᠡᠯ ᠢ ᠬᠠᠮᠲᠤᠪᠠᠷ ᠵᠠᠳᠠᠯᠤᠭᠰᠠᠨ ᠤ ᠬᠠᠮᠲᠤ ᠳᠠᠷᠠᠭᠠᠴᠢ ᠶᠢᠨ ᠠᠯᠬᠤᠮ ᠳᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠲᠤᠬᠠᠢ ᠲᠤᠰᠬᠠᠢ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠵᠠᠢ᠃     ᠶᠠᠷᠢᠯᠴᠠᠬᠤ ᠬᠤᠷᠠᠯ ᠳᠡᠭᠡᠷ᠎ᠡ᠂ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ ᠯᠢᠦ ᡁᠢ ᠴᠢᠶᠠᠩ ᠣᠶᠢᠷ᠎ᠠ ᠶᠢᠨ ᠵᠢᠯ ᠤᠨ ᠲᠤᠷᠰᠢᠬᠢ ᠬᠤᠶᠠᠷ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠲᠠᠨᠢᠯᠴᠠᠭᠤᠯᠵᠤ᠂ ᠡᠭᠦᠨ ᠤ ᠬᠠᠮᠲᠤ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠥᠷᠭᠡᠳᠬᠡᠬᠦ ᠲᠤᠬᠠᠢ ᠠᠵᠢᠯ ᠤᠨ ᠭᠤᠣᠯᠳᠠᠯᠭ᠎ᠠ ᠪᠠ ᠰᠠᠨᠠᠯ ᠰᠠᠨᠠᠭᠤᠯᠭ᠎ᠠ ᠳᠤᠷᠠᠳᠴᠤ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠬᠦ᠂ ᠬᠤᠯᠪᠣᠭᠳᠠᠯ ᠪᠦᠬᠦᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠳᠡᠮᠵᠢᠬᠦ ᠵᠡᠷᠭᠡ ᠶᠢᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠦᠰᠡᠯ ᠰᠠᠨᠠᠭ᠎ᠠ ᠶᠢ ᠪᠦᠷᠢᠯᠳᠦᠭᠦᠯᠵᠡᠢ᠃ ᠲᠣᠰ ᠤᠳᠠᠭᠠᠨ ᠤ ᠶᠠᠷᠢᠯᠴᠠᠬᠤ ᠬᠤᠷᠠᠯ ᠪᠣᠯ 2020 ᠣᠨ ᠤ 9 ᠰᠠᠷ᠎ᠠ ᠳᠤ ᠬᠢᠩᠭᠠᠨ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠬᠢᠭᠡᠳ ᠪᠡᠭᠡᠵᠢᠩ ᠬᠤᠲᠠ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠭᠰᠠᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠬᠥᠭᠵᠢᠯᠲᠡ ᠶᠢ ᠡᠷᠢᠯᠬᠢᠯᠡᠵᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢᠨ ᠲᠥᠯᠥᠭᠡ ᠬᠢᠭᠰᠡᠨ ᠪᠠᠰᠠ ᠨᠢᠭᠡ ᠤᠳᠠᠭᠠᠨ ᠤ ᠭᠦᠨᠵᠡᠭᠡᠶ ᠬᠡᠯᠡᠯᠴᠡᠭᠡ ᠪᠣᠯᠤᠨ᠎ᠠ ᠭᠡᠪᠡ᠃     ᠳᠠᠷᠠᠭ᠎ᠠ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠦᠷ᠎ᠡ ᠪᠦᠲᠦᠭᠡᠯ ᠢ ᠥᠷᠭᠡᠳᠬᠡᠵᠦ᠂ ︽ᠵᠡᠭᠦᠨ ᠲᠠᠪᠤᠨ ᠠᠶᠢᠮᠠᠭ ᠬᠤᠲᠠ ︾ ᠶᠢᠨ ᠬᠠᠮᠲᠤᠷᠠᠯᠴᠠᠨ ᠬᠥᠭᠵᠢᠬᠦ ᠠᠷᠭ᠎ᠠ ᠵᠠᠮ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠥᠪᠡᠷ ᠤᠨ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ᠂ ᠬᠤᠪᠢ ᠣᠷᠣᠭᠤᠯᠬᠤ ᠳᠦᠷᠢᠮᠲᠦ ᠬᠤᠷᠰᠢᠶ᠎ᠠ ᠶᠢᠨ ᠥᠮᠴᠢᠯᠡᠯᠲᠦ ᠠᠵᠤ ᠠᠬᠤᠶᠢᠯᠠᠯ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠳᠣᠭᠢᠷᠠᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠵᠢᠴᠢ ᠺᠠᠳ᠋ᠷ ᠢ ᠪᠣᠯᠪᠠᠰᠤᠷᠠᠭᠤᠯᠬᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠨᠡᠶᠢᠯᠡᠯ ᠴᠡᠭ ᠢ ᠣᠨᠣᠪᠴᠢᠲᠠᠶ ᠡᠷᠢᠵᠦ ᠤᠯᠬᠤ ᠶᠢᠨ ᠲᠣᠭᠤᠷᠢᠨ ᠳᠤ᠂ ᠨᠢᠭᠡ ᠪᠦᠯᠦᠭ ᠰᠢᠯᠢᠳᠡᠭ ᠲᠥᠷᠥᠯ ᠵᠦᠢᠯ ᠢ ᠰᠦᠪᠡᠭᠴᠢᠯᠡᠵᠦ᠂ ᠬᠤᠶᠠᠷ ᠲᠠᠯ᠎ᠠ ᠪᠠᠷ ᠢᠶᠠᠨ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠦᠴᠦᠨ ᠴᠢᠳᠠᠯ ᠢ ᠨᠡᠮᠡᠷᠢᠯᠡᠨ᠎ᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号