ᠬᠢᠩᠭᠠᠨ ᠠᠶᠢᠮᠠᠭ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠡᠳ᠋ᠰᠢᠭᠦᠯᠦᠨ ᠪᠣᠯᠪᠠᠰᠤᠷᠠᠭᠤᠯᠬᠤ ᠰᠤᠳᠤᠯᠭᠠᠨ ᠤ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠬᠦ ᠶᠢᠨ ᠲᠥᠯᠥᠭᠡ᠂ 3 ᠰᠠᠷ᠎ᠠ ᠶᠢᠨ 6 ᠤ | ᠡᠳᠦᠷ᠂ ᠬᠢᠩᠭᠠᠨ ᠠᠶᠢᠮᠠᠭ ᠤᠨ ᠠᠵᠤ ᠠᠬᠤᠶᠢᠯᠠᠯ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭᠠᠨ ᠤ ᠲᠥᠷᠥᠯ ᠵᠦᠢᠯ ᠤᠨ ᠰᠦᠯᠵᠢᠶᠡᠨ ᠳᠡᠭᠡᠷᠡᠬᠢ ᠭᠡᠷ᠎ᠡ ᠲᠣᠭᠲᠠᠬᠤ ᠬᠤᠷᠠᠯ ᠬᠢᠪᠠ᠃ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠦᠨ ᠪᠣᠯᠪᠠᠰᠤᠷᠠᠭᠤᠯᠬᠤ ᠰᠤᠳᠤᠯᠭᠠᠨ ᠤ ᠭᠠᠵᠠᠷ ᠤᠨ ᠨᠠᠮ ᠤᠨ ᠬᠤᠷᠢᠶᠠᠨ ᠤ ᠳᠡᠳ᠋ ᠱᠦᠵᠢ᠂ ᠰᠤᠳᠤᠯᠭᠠᠨ ᠤ | ᠭᠠᠵᠠᠷ ᠤᠨ ᠳᠠᠷᠤᠭ᠎ᠠ ᠸᠠᠩ ᠹᠧᠩ ᠵᠥᠩ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠾᠧ ᠸᠧᠶ ᠯᠢ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠴᠢᠩ ᠰᠥᠩ ᠬᠤᠷᠠᠯ ᠢ ᠡᠷᠭᠢᠯᠡᠵᠦ᠂ | ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠶᠠᠩ ᠯᠸᠢ᠂ ᠠᠶᠢᠮᠠᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠤᠨ ᠰᠤᠳᠤᠯᠭᠠᠨ ᠤ ᠭᠠᠵᠠᠷ ᠤᠨ ᠬᠠᠮᠢᠶ᠎ᠠ ᠪᠥᠬᠦᠶ ᠨᠥᠬᠦᠳ ᠵᠢᠴᠢ ᠬᠢᠩᠭᠠᠨ | ᠠᠶᠢᠮᠠᠭ ᠤᠨ ᠠᠵᠤ ᠠᠬᠤᠶᠢᠯᠠᠯᠲᠠᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠢᠩᠭᠠᠨ ᠠᠶᠢᠮᠠᠭ ᠤᠨ ᠶᠢᠨ ᠺᠧᠦ ᠸᠧᠢ ᠢᠳᠡᠭᠡᠨ ᠤ ᠬᠢᠵᠠᠭᠠᠷᠲᠤ ᠺᠣᠮᠫᠠᠨᠢ᠂ ᠵᠢᠶᠠ ᠾᠧ ᠮᠠᠯ | ᠠᠵᠤ ᠠᠬᠤᠶ ᠶᠢᠨ ᠬᠢᠵᠠᠭᠠᠷᠲᠤ ᠺᠣᠮᠫᠠᠨᠢ᠂ ᠬᠤᠸᠠᠨ ᠶᠤᠸᠠᠨ ᠠᠮᠢᠳᠤ ᠪᠣᠳᠠᠰ ᠤᠨ ᠮᠡᠷᠭᠡᠵᠢᠯ ᠤᠨ ᠨᠡᠭᠡᠭᠡᠨ | ᠬᠥᠭᠵᠢᠭᠦᠯᠦᠯᠲᠡ ᠶᠢᠨ ᠺᠣᠮᠫᠠᠨᠢ᠂ ᠲᠢᠶᠠᠨ ᠷᠦᠨ ᠲᠠᠷᠢᠶᠠᠯᠠᠩ ᠮᠠᠯ ᠠᠵᠤ ᠠᠬᠤᠶ ᠶᠢᠨ ᠶᠠᠳᠠᠭᠤ ᠶᠢ ᠲᠡᠳᠬᠦᠬᠦ | ᠬᠥᠭᠵᠢᠭᠦᠯᠦᠯᠲᠡ ᠶᠢᠨ ᠺᠣᠮᠫᠠᠨᠢ᠂ ᠲᠡᠮᠦᠨ ᠲᠠᠯ᠎ᠠ ᠶᠢᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ | ᠲᠤᠰᠬᠠᠶ ᠬᠤᠷᠰᠢᠶ᠎ᠠ ᠵᠡᠷᠭᠡ 10 ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ | ᠠᠬᠤᠶᠢᠯᠠᠯ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠣᠯᠪᠠᠰᠤᠷᠠᠭᠤᠯᠬᠤ | ᠭᠠᠵᠠᠷ ᠤᠨ 4 ᠲᠤᠰᠬᠠᠶ ᠮᠡᠷᠭᠡᠵᠢᠯᠲᠡᠨ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ ᠢᠳᠡᠭᠡᠨ ᠤ ᠴᠢᠨᠠᠷ ᠢ | ᠪᠠᠲᠤᠯᠠᠬᠤ ᠬᠤᠭᠤᠴᠠᠭ᠎ᠠ ᠶᠢ ᠤᠷᠲᠤᠳᠬᠠᠬᠤ᠂ ᠬᠥᠯᠳᠡᠭᠡᠵᠦ ᠬᠠᠳᠠᠭᠠᠭᠰᠠᠨ ᠭᠦᠵᠡᠯᠵᠡᠭᠡᠨ᠎ᠡ ᠪᠠ ᠢᠳᠡᠰᠢᠨ | ᠨᠣᠭᠤᠭ᠎ᠠ ᠶᠢᠨ ᠤᠷᠢᠳᠴᠢᠯᠠᠨ ᠬᠢᠭᠰᠡᠨ ᠨᠣᠭᠤᠭ᠎ᠠ ᠶᠢᠨ ᠮᠡᠷᠭᠡᠵᠢᠯ᠂ ᠵᠢᠮᠢᠰ ᠨᠣᠭᠤᠭ᠎ᠠ ᠪᠣᠯᠪᠠᠰᠤᠷᠠᠭᠤᠯᠬᠤ ᠮᠡᠷᠭᠡᠵᠢᠯ᠂ | ᠢᠳᠡᠰᠢᠨ ᠨᠣᠭᠤᠭ᠎ᠠ ᠶᠢᠨ ᠦᠷ᠎ᠡ ᠶᠢᠨ ᠲᠣᠰᠣ ᠰᠢᠬᠠᠬᠤ᠂ ᠬᠡᠤᠬᠡᠯᠳᠡᠶ ᠬᠤᠷᠣᠬᠠᠶ ᠡᠪᠡᠰᠦ ᠶᠢ ᠰᠤᠳᠤᠯᠤᠨ ᠨᠡᠭᠡᠭᠡᠬᠦ | ᠪᠠ ᠲᠠᠬᠢᠶᠠᠨ ᠥᠨᠳᠡᠭᠡ᠂ ᠲᠠᠬᠢᠶᠠᠨ ᠮᠢᠬ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠢᠨᠵᠢᠯᠡᠬᠦ | ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠥᠷᠨᠢᠭᠦᠯᠪᠡ᠃ | ᠠᠶᠢᠮᠠᠭ ᠤᠨ ᠳᠡᠳ᠋ ᠳᠠᠷᠤᠭ᠎ᠠ ᠡᡁᠧ ᠸᠧᠢ ᠯᠢ ᠵᠢᠭᠠᠵᠤ ᠭᠠᠷᠭᠠᠭᠰᠠᠨ ᠨᠢ᠂ ᠬᠢᠩᠭᠠᠨ ᠠᠶᠢᠮᠠᠭ ᠤᠨ ᠬᠢᠨ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ | ᠲᠣᠭᠲᠠᠭᠰᠠᠨ ᠠᠴᠠ ᠨᠠᠰᠢ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠤᠨ ᠢᠶᠠᠨ ᠲᠣᠭᠤᠷᠢᠨ ᠳᠤ | ᠲᠤᠬᠢᠷᠠᠯᠴᠠᠬᠤ ᠴᠡᠭ ᠢᠶᠠᠨ ᠬᠠᠷᠠᠭᠠᠯᠠᠨ ᠠᠯᠢ ᠤᠯᠠᠨ ᠦᠷ᠎ᠡ ᠪᠦᠲᠦᠮᠵᠢᠲᠡᠢ ᠬᠠᠮᠲᠤᠷᠠᠯᠴᠠᠭ᠎ᠠ ᠥᠷᠨᠢᠭᠦᠯᠵᠡᠢ᠃ ᠲᠤᠰ | ᠤᠳᠠᠭ᠎ᠠ ᠶᠢᠨ ᠭᠡᠷ᠎ᠡ ᠲᠣᠭᠲᠠᠭᠰᠠᠨ ᠨᠢ ᠮᠠᠨ ᠤ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠦᠷ᠎ᠡ ᠪᠦᠲᠦᠭᠡᠯ ᠤᠨ | ᠤᠯᠠᠮ ᠨᠢᠭᠡ ᠠᠯᠬᠤᠮ ᠤᠨ ᠳᠡᠭᠡᠭᠰᠢᠯᠡᠯᠲᠡ ᠪᠣᠯᠬᠤ ᠪᠥᠭᠡᠳ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ | ᠮᠡᠷᠭᠡᠵᠢᠯ ᠤᠨ ᠳᠠᠪᠠᠭᠤᠯᠢᠭ ᠪᠣᠯᠤᠨ ᠬᠢᠩᠭᠠᠨ ᠠᠶᠢᠮᠠᠭ ᠤᠨ ᠡᠬᠢ ᠪᠠᠶᠠᠯᠢᠭ ᠤᠨ ᠳᠠᠪᠠᠭᠤᠯᠢᠭ ᠤᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠬᠠᠷᠢᠯᠴᠠᠨ ᠨᠥᠬᠦᠪᠥᠷᠢᠯᠡᠵᠦ ᠬᠠᠷᠢᠯᠴᠠᠨ ᠠᠰᠢᠭᠲᠠᠢ ᠪᠠᠶᠢᠬᠤ᠂ ᠬᠠᠮᠲᠤᠪᠠᠷ | ᠳᠡᠭᠡᠭᠰᠢᠯᠡᠬᠦ ᠶᠢ ᠪᠡᠶᠡᠯᠡᠭᠦᠯᠬᠦ ᠨᠢ ᠯᠠᠪᠲᠠᠢ ᠶᠤᠮ᠃ ᠡᠨᠡ ᠤᠳᠠᠭ᠎ᠠ ᠶᠢᠨ ᠬᠠᠮᠲᠤᠷᠠᠯᠴᠠᠭ᠎ᠠ ᠨᠢ ᠡᠳ᠋ᠰᠢᠭᠦᠯᠦᠨ | ᠪᠣᠯᠪᠠᠰᠤᠷᠠᠭᠤᠯᠬᠤ ᠭᠠᠵᠠᠷ ᠤᠨ ᠨᠡᠩ ᠤᠯᠠᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ | ᠦᠷ᠎ᠡ ᠪᠦᠲᠦᠭᠡᠯ ᠢ ᠬᠢᠩᠭᠠᠨ ᠠᠶᠢᠮᠠᠭ ᠲᠤ ᠨᠠᠶᠢᠳᠠᠪᠤᠷᠢᠵᠢᠭᠤᠯᠤᠨ ᠬᠤᠪᠢᠷᠠᠭᠤᠯᠵᠤ᠂ ᠬᠢᠩᠭᠠᠨ ᠠᠶᠢᠮᠠᠭ ᠤᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠴᠢᠩ ᠰᠡᠳᠬᠢᠯ ᠠᠴᠠ ᠪᠠᠨ ᠬᠦᠰᠡᠵᠦ | ᠪᠠᠶᠢᠨ᠎ᠠ ᠭᠡᠪᠡ᠃ | ᠰᠤᠳᠤᠯᠭᠠᠨ ᠤ ᠭᠠᠵᠠᠷ ᠤᠨ ᠳᠠᠷᠤᠭ᠎ᠠ ᠸᠠᠩ ᠹᠧᠩ ᠵᠦᠩ ᠵᠢᠭᠠᠵᠤ ᠭᠠᠷᠭᠠᠭᠰᠠᠨ ᠨᠢ᠂ ᠲᠤᠰ ᠤᠳᠠᠭ᠎ᠠ ᠶᠢᠨ | ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠬᠢᠨ ᠬᠢᠩᠭᠠᠨ ᠠᠶᠢᠮᠠᠭ ᠲᠠᠢ ᠬᠠᠮᠲᠤᠷᠠᠨ ᠰᠦᠯᠵᠢᠶᠡᠨ ᠳᠡᠭᠡᠷ᠎ᠡ ᠭᠡᠷ᠎ᠡ | ᠲᠣᠭᠲᠠᠬᠤ ᠠᠵᠢᠯᠯᠠᠭ᠎ᠠ ᠶᠢ ᠡᠷᠬᠢᠯᠡᠵᠦ ᠪᠠᠶᠢᠭ᠎ᠠ ᠶᠢᠨ ᠵᠣᠷᠢᠯᠭ᠎ᠠ ᠪᠣᠯ ᠵᠣᠯᠭᠠᠯᠴᠠᠭ᠎ᠠ ᠶᠢᠨ ᠦᠷ᠎ᠡ ᠪᠦᠲᠦᠭᠡᠯ ᠢ ᠤᠯᠠᠮ | ᠴᠢᠨᠠᠭᠰᠢᠳᠠ ᠪᠠᠬᠢᠵᠢᠭᠦᠯᠬᠦ ᠶᠢᠨ ᠲᠥᠯᠥᠭᠡ ᠶᠤᠮ᠂ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠬᠢᠨ | ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠡᠭᠦᠷᠭᠡ ᠶᠢ ᠴᠢᠩᠭ᠎ᠠ ᠵᠢᠷᠤᠮᠯᠠᠨ᠂ ᠬᠤᠷᠰᠢᠬᠰᠠᠨ ᠠᠵᠤ | ᠠᠬᠤᠶᠢᠯᠠᠯ ᠲᠠᠢ ᠳᠤᠮᠳᠠ ᠵᠡᠷᠭᠡ ᠶᠢᠨ ᠲᠤᠷᠰᠢᠯᠲᠠ ᠶᠢᠨ ᠰᠠᠭᠤᠷᠢᠨ ᠢ ᠲᠦᠷᠭᠡᠨ ᠪᠠᠶᠢᠭᠤᠯᠵᠤ᠂ ᠠᠵᠤ ᠠᠬᠤᠶᠢᠯᠠᠯ ᠢ | ᠬᠠᠪᠰᠤᠷᠤᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠰᠢᠨ᠎ᠡ ᠦᠢᠯᠡᠳᠬᠦᠨ᠂ ᠰᠢᠨ᠎ᠡ ᠤᠷᠠᠯᠠᠯ᠂ | ᠰᠢᠨ᠎ᠡ ᠦᠷ᠎ᠡ ᠪᠦᠲᠦᠭᠡᠯ ᠢ ᠲᠦᠷᠭᠡᠨ ᠪᠤᠢ ᠪᠣᠯᠭᠠᠬᠤ ᠶᠢᠨ ᠲᠥᠯᠥᠭᠡ ᠶᠤᠮ᠃ ᠡᠭᠦᠨ ᠤ ᠬᠠᠮᠲᠤ᠂ ᠬᠤᠶᠠᠷ | ᠲᠠᠯ᠎ᠠ ᠪᠠᠷ ᠢᠶᠠᠨ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠢᠩᠭᠠᠨ ᠠᠶᠢᠮᠠᠭ ᠤᠨ ᠤᠳᠤ ᠦᠶ᠎ᠡ ᠶᠢᠨ | ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠦᠬᠡᠷ ᠬᠤᠨᠢᠨ ᠮᠢᠬ᠎ᠠ᠂ ᠴᠠᠭᠠᠨ ᠢᠳᠡᠭᠡᠨ᠂ ᠠᠮᠤ ᠳᠤᠰᠤ᠂ ᠵᠢᠮᠢᠰ ᠨᠣᠭᠤᠭ᠎ᠠ ᠪᠣᠯᠤᠨ ᠴᠢᠳᠠᠪᠬᠢᠳᠦ ᠢᠳᠡᠭᠡᠨ ᠢ | ᠨᠡᠭᠡᠭᠡᠨ ᠬᠥᠭᠵᠢᠭᠦᠯᠬᠦ ᠵᠡᠷᠭᠡ ᠲᠠᠯ᠎ᠠ ᠶᠢᠨ ᠲᠣᠭᠤᠷᠢᠨ ᠳᠤ ᠪᠣᠳᠠᠲᠠᠢ ᠬᠠᠮᠲᠤᠷᠠᠯᠴᠠᠭ᠎ᠠ ᠥᠷᠨᠢᠭᠦᠯᠵᠦ᠂ ᠠᠵᠤ | ᠦᠢᠯᠡᠰ ᠤᠨ ᠬᠦᠷᠢᠶᠡᠯᠡᠩ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠠᠵᠤ | ᠠᠬᠤᠶᠢᠯᠠᠯ ᠤᠨ ᠨᠡᠪᠴᠢᠭᠦᠯᠬᠦ ᠲᠥᠪ᠂ ᠴᠢᠬᠤᠯᠠ ᠡᠯᠧᠮᠧᠨ᠋ᠲ ᠤᠨ ᠠᠭᠤᠰᠤᠯᠴᠠᠯ ᠤᠨ ᠥᠨᠳᠦᠷᠯᠢᠭ ᠭᠠᠵᠠᠷ ᠪᠣᠯᠭᠠᠨ | ᠪᠦᠳᠦᠬᠡᠨ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠭᠡᠷ᠎ᠡ ᠲᠣᠭᠲᠠᠬᠤ ᠬᠤᠷᠠᠯ ᠪᠣᠯ ᠬᠢᠩᠭᠠᠨ ᠠᠶᠢᠮᠠᠭ ᠤᠨ ᠠᠵᠤ | ᠠᠬᠤᠶᠢᠯᠠᠯ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠳ᠋ᠰᠢᠭᠦᠯᠦᠨ | ᠪᠣᠯᠪᠠᠰᠤᠷᠠᠭᠤᠯᠬᠤ ᠭᠠᠵᠠᠷ ᠤᠨ ᠡᠷᠭᠢᠯᠡᠭᠰᠡᠨ ᠬᠤᠶᠠᠳᠤᠭᠠᠷ ᠤᠳᠠᠭᠠᠨ ᠤ ᠲᠥᠪᠯᠡᠷᠡᠭᠦᠯᠦᠨ ᠭᠡᠷ᠎ᠡ ᠲᠣᠭᠲᠠᠬᠤ ᠬᠤᠷᠠᠯ | ᠪᠠᠶᠢᠵᠤ᠂ ᠨᠡᠶᠢᠲᠡ 10 ᠲᠥᠷᠥᠯ ᠵᠦᠢᠯ ᠤᠨ ᠭᠡᠷ᠎ᠡ ᠲᠣᠭᠲᠠᠪᠠ᠃ ᠠᠳᠡ ᠬᠦᠷᠦᠭᠡᠳ ᠬᠢᠩᠭᠠᠨ ᠠᠶᠢᠮᠠᠭ ᠤᠨ ᠠᠵᠤ | ᠠᠬᠤᠶᠢᠯᠠᠯ ᠬᠢᠭᠡᠳ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠭᠡᠷ᠎ᠡ ᠲᠣᠭᠲᠠᠭᠰᠠᠨ ᠲᠥᠷᠥᠯ ᠵᠦᠢᠯ ᠤᠨ | ᠶᠡᠷᠦᠩᠬᠡᠶ ᠲᠤᠭ᠎ᠠ ᠨᠢᠭᠡᠨᠲᠡ 16 ᠪᠣᠯᠵᠣ᠂ 36 ᠲᠥᠷᠥᠯ ᠵᠦᠢᠯ ᠢ ᠨᠥᠭᠡᠴᠡᠯᠡᠨ ᠬᠠᠳᠠᠭᠠᠯᠠᠵᠤ ᠪᠣᠶ᠃ ᠪᠢᠳᠡ | ᠨᠢᠭᠡᠨᠲᠡ ᠭᠡᠷ᠎ᠡ ᠲᠣᠭᠲᠠᠭᠰᠠᠨ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ | ᠨᠥᠭᠡᠴᠡᠯᠡᠬᠦ ᠲᠦᠷᠦᠯ ᠵᠦᠢᠯ ᠢ ᠲᠦᠷᠭᠡᠨ ᠬᠠᠮᠲᠤᠷᠠᠯᠴᠠᠵᠤ᠂ ᠬᠢᠩᠭᠠᠨ ᠠᠶᠢᠮᠠᠭ ᠤᠨ ᠠᠵᠤ ᠠᠬᠤᠶᠢᠯᠠᠯ ᠪᠣᠯᠤᠨ | ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠨᠡᠩ ᠭᠦᠨ | ᠳᠠᠪᠬᠤᠷᠭ᠎ᠠ᠂ ᠨᠡᠩ ᠤᠯᠠᠨ ᠬᠦᠷᠢᠶ᠎ᠡ ᠲᠡᠰᠢ ᠠᠬᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠬᠢᠩᠭᠠᠨ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ | ᠦᠢᠯᠡᠰ ᠤᠨ ᠨᠡᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠲᠠᠰᠤᠷᠠᠯᠲᠠ ᠦᠭᠡᠢ ᠲᠤᠯᠭᠠᠭᠤᠷᠢᠯᠠᠨ᠎ᠠ᠃ | |