3 ᠰᠠᠷ᠎ᠠ ᠶᠢᠨ 4 ᠤ ᠡᠳᠦᠷ᠂ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ 2023 ᠣᠨ ᠤ ᠬᠢᠩᠭᠠᠨ ᠠᠶᠢᠮᠠᠭ ᠤᠨ ᠠᠩᠬᠠᠳᠠᠭᠴᠢ | ᠬᠡᠷ ᠤᠨ ᠭᠠᠳᠠᠨᠠᠬᠢ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠵᠢᠴᠢ ︽ᠤᠯᠠᠭᠠᠨᠬᠤᠲᠠ · ᠬᠤᠩ ᠶᠠᠨ | ᠠᠵᠢᠯ ᠤᠨ ᠪᠠᠶᠢᠷᠢ ᠬᠦᠷᠭᠡᠬᠦ ︾ ᠠᠵᠢᠯ ᠣᠯᠭᠤᠯᠲᠠ ᠶᠢᠨ ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠬᠦ | ᠡᠬᠢᠯᠡᠯᠲᠡ ᠶᠢᠨ ᠶᠣᠰᠣᠯᠠᠯ ᠤᠯᠠᠭᠠᠨᠬᠤᠲᠠ ᠶᠢᠨ ︽5.1︾ ᠲᠠᠯᠠᠪᠠᠶ ᠳᠤ ᠶᠠᠪᠤᠭᠳᠠᠪᠠ᠃ | ︽ᠬᠤᠣᠰ ᠠᠮᠠᠷᠠᠯᠲᠠ ᠪᠠᠶᠢᠨ᠎ᠠ ᠤᠤ︖︾ ︽ᠲᠠᠪᠤᠨ ᠳᠠᠭᠠᠳᠬᠠᠯ ᠲᠤᠰᠢᠶᠠᠨ᠎ᠠ ᠤᠤ ᠦᠭᠡᠶ ᠤᠤ︖︾ | ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠠᠶ ᠳᠤ ᠬᠥᠮᠦᠨ ᠣᠯᠠᠨ ᠴᠤᠭᠯᠠᠷᠠᠵᠤ᠂ ᠬᠦᠷ ᠬᠥᠭᠵᠢᠶᠡᠨ ᠲᠠᠢ | ᠪᠠᠶᠢᠯ᠎ᠠ᠃ ᠠᠵᠢᠯ ᠡᠷᠢᠭ᠍ᠰᠡᠳ ᠲᠣᠪᠴᠢ ᠨᠠᠮᠲᠠᠷ ᠢᠶᠠᠨ ᠭᠠᠷ ᠲᠠᠭᠠᠨ ᠪᠠᠷᠢᠬᠤ ᠪᠤᠶᠤ ᠠᠵᠢᠯᠲᠠᠨ ᠡᠯᠰᠡᠬᠦ | ᠦᠵᠡᠭᠦᠯᠦᠯᠭᠡ ᠶᠢᠨ ᠪᠠᠶᠢᠷᠢᠨ ᠠᠴᠠ ᠲᠣᠬᠢᠷᠠᠮᠵᠢᠲᠠᠶ ᠠᠵᠢᠯ ᠤᠨ ᠪᠠᠶᠢᠷᠢ ᠡᠷᠢᠬᠦ᠂ ᠡᠰᠡᠬᠦᠯ᠎ᠡ ᠠᠵᠤ | ᠠᠬᠤᠶᠢᠯᠠᠯ ᠤᠨ ᠬᠢᠨ ᠲᠠᠢ ᠠᠵᠢᠯ ᠤᠨ ᠨᠠᠷᠢᠨ ᠪᠠᠶᠢᠳᠠᠯ ᠢ ᠨᠢᠭᠤᠷᠲᠠᠨ ᠠᠰᠠᠭᠤᠵᠤ᠂ ᠰᠠᠨᠠᠭᠠᠨ ᠳᠤ ᠳᠠᠭᠠᠷᠠᠭᠰᠠᠨ | ᠠᠵᠢᠯ ᠤᠨ ᠪᠠᠶᠢᠷᠢᠨ ᠳᠤ ᠭᠠᠷᠤᠭᠰᠠᠨ ᠤ ᠳᠠᠷᠠᠭ᠎ᠠ᠂ ᠠᠵᠢᠯ ᠤᠯᠬᠤ ᠰᠠᠨᠠᠮᠵᠢ ᠶᠢᠨ ᠬᠦᠰᠦᠨᠦᠭᠲᠦ ᠪᠠᠨ ᠲᠠᠭᠯᠠᠵᠤ | ᠥᠪᠡᠷ ᠤᠨ ᠲᠣᠪᠴᠢ ᠨᠠᠮᠲᠠᠷ ᠢᠶᠠᠨ ᠦᠯᠡᠳᠡᠭᠡᠳᠡᠭ᠃ | ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 200 ᠭᠠᠷᠤᠶ | ᠠᠵᠤ ᠠᠬᠤᠶᠢᠯᠠᠯ ᠣᠷᠣᠯᠴᠠᠵᠠᠶ᠂ ᠡᠭᠦᠨ ᠳᠤ ᠠᠶᠢᠮᠠᠭ ᠤᠨ ᠳᠣᠲᠣᠭᠠᠳᠤ ᠳᠤ 160 ᠭᠠᠷᠤᠶ ᠠᠵᠤ ᠠᠬᠤᠶᠢᠯᠠᠯ᠂ | ᠬᠤᠲᠠ ᠶᠢᠨ ᠭᠠᠳᠠᠨᠠᠬᠢ ᠠᠵᠤ ᠠᠬᠤᠶᠢᠯᠠᠯ 40 ᠭᠠᠷᠤᠶ ᠪᠠᠶᠢᠵᠤ᠂ ᠡᠳ᠋ ᠤᠨ ᠶᠠᠪᠤᠳᠠᠯ ᠤᠨ ᠭᠤᠤᠯ ᠬᠠᠮᠢᠶᠠᠷᠤᠭᠴᠢ᠂ | ᠶᠡᠭᠡ ᠲᠢᠩᠬᠢᠮ ᠤᠨ ᠳᠠᠭᠠᠭᠠᠮᠠᠯ᠂ ᠵᠠᠷ ᠮᠡᠳᠡᠭᠡᠨ ᠤ ᠵᠢᠷᠤᠭ ᠲᠥᠯᠥᠪᠯᠡᠭᠴᠢ᠂ ᠮᠥᠩᠭᠦ ᠬᠤᠷᠢᠶᠠᠭᠴᠢ᠂ ᠠᠷᠠᠴᠢᠯᠠᠭᠴᠢ᠂ | ᠮᠡᠷᠭᠡᠵᠢᠯ ᠤᠨ ᠠᠵᠢᠯᠴᠢᠨ ᠵᠡᠷᠭᠡ 200 ᠭᠠᠷᠤᠶ ᠠᠵᠢᠯ ᠲᠥᠷᠥᠯ ᠢ ᠬᠠᠩᠭᠠᠵᠤ᠂ ᠲᠦᠮᠡ ᠭᠠᠷᠤᠶ ᠠᠵᠢᠯ ᠤᠨ | ᠪᠠᠶᠢᠷᠢ ᠶᠢ ᠠᠵᠢᠯ ᠡᠷᠢᠭ᠍ᠰᠡᠳ ᠤᠨ ᠰᠣᠩᠭᠤᠯᠲᠠ ᠳᠤ ᠬᠠᠩᠭᠠᠭᠰᠠᠨ ᠪᠠᠶᠢᠨ᠎ᠠ᠃ ᠠᠵᠢᠯᠲᠠᠨ ᠡᠯᠰᠡᠬᠦ ᠴᠤᠭᠯᠠᠭᠠᠨ ᠳᠤ | ᠲᠦᠮᠡ ᠭᠠᠷᠤᠶ ᠬᠥᠮᠦᠨ ᠣᠷᠣᠯᠴᠠᠵᠤ᠂ ᠲᠤᠬᠠᠶ ᠶᠢᠨ ᠲᠠᠯᠠᠪᠤᠷ ᠲᠤ 1242 ᠠᠵᠢᠯ ᠤᠯᠬᠤ ᠬᠦᠰᠡᠯ ᠲᠠᠢ ᠪᠣᠯᠪᠠ᠃ | | ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠶᠢ ᠰᠠᠶᠢᠲᠤᠷ ᠬᠢᠬᠦ ᠶᠢᠨ ᠬᠠᠮᠲᠤ᠂ ᠬᠢᠩᠭᠠᠨ ᠠᠶᠢᠮᠠᠭ ᠤᠨ ᠬᠢᠨ ᠪᠠᠰᠠ | ᠠᠵᠤ ᠠᠬᠤᠶᠢᠯᠠᠯ ᠪᠣᠯᠤᠨ ᠠᠵᠢᠯ ᠡᠷᠢᠭ᠍ᠰᠡᠳ ᠲᠤ ᠣᠯᠠᠨ ᠡᠰᠢᠲᠦ ᠵᠣᠯᠭᠠᠭᠤᠯᠬᠤ ᠠᠷᠭ᠎ᠠ ᠵᠠᠮ ᠬᠠᠩᠭᠠᠵᠤ᠂ | ᠰᠦᠯᠵᠢᠶᠡᠨ ᠳᠡᠭᠡᠷᠡᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠰ ᠳᠠᠷᠠᠭᠠᠯᠠᠯ ᠢ ᠭᠠᠷᠭᠠᠭᠰᠠᠨ ᠪᠠᠶᠢᠨ᠎ᠠ᠃ | ᠵᠢᠵᠢᠭ ᠫᠷᠤᠭ᠍ᠷᠠᠮ ᠳᠤ ᠲᠡᠮᠳᠡᠭᠯᠡᠬᠦ ᠪᠠᠷ ᠳᠡᠮᠵᠢᠨ᠂ ᠠᠵᠢᠯ ᠡᠷᠢᠭ᠍ᠰᠡᠳ ᠬᠡᠷ ᠠᠴᠠ ᠪᠠᠨ ᠭᠠᠷᠬᠤ ᠥᠬᠡᠶ ᠪᠠᠷ ᠠᠵᠢᠯᠲᠠᠨ | ᠡᠯᠰᠡᠬᠦ᠂ ᠪᠣᠯᠪᠠᠰᠤᠷᠠᠭᠤᠯᠬᠤ᠂ ᠡᠳᠦᠷ ᠤᠨ ᠬᠦᠴᠦ ᠶᠠᠪᠤᠬᠤ ᠵᠢᠴᠢ ᠲᠥᠷᠥ ᠶᠢᠨ ᠪᠣᠳᠣᠯᠭ᠎ᠠ ᠶᠢᠨ ᠯᠠᠪᠯᠠᠯᠲᠠ ᠵᠡᠷᠭᠡ | ᠮᠡᠳᠡᠭᠡ ᠵᠠᠩᠭᠢ ᠶᠢ ᠣᠯᠵᠤ ᠪᠣᠯᠤᠨ᠎ᠠ᠃ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠡᠭᠡᠷ᠎ᠡ᠂ | ᠤᠯᠠᠭᠠᠨᠬᠤᠲᠠ ᠶᠢᠨ ︽ᠬᠤᠩ ᠶᠠᠨ ᠠᠵᠢᠯ ᠤᠨ ᠪᠠᠶᠢᠷᠢ ᠬᠦᠷᠭᠡᠬᠦ ︾ ᠰᠦᠯᠵᠢᠶᠡᠨ ᠳᠡᠭᠡᠷᠡᠬᠢ ᠲᠠᠰ | ᠳᠠᠷᠠᠭᠠᠯᠠᠯ ᠢᠶᠠᠷ 208 ᠠᠵᠤ ᠠᠬᠤᠶᠢᠯᠠᠯ ᠳᠤ ᠣᠷᠣᠵᠤ᠂ 5000 ᠭᠠᠷᠤᠶ ᠠᠵᠢᠯ ᠤᠨ ᠪᠠᠶᠢᠷᠢ ᠬᠠᠩᠭᠠᠵᠤ᠂ 87 | ᠬᠥᠮᠦᠨ ᠠᠵᠢᠯ ᠤᠯᠬᠤ ᠰᠠᠨᠠᠮᠵᠢ ᠶᠢᠨ ᠬᠡᠯᠡᠯᠴᠡᠭᠡᠷ ᠲᠣᠭᠲᠠᠭᠰᠠᠨ ᠪᠠᠶᠢᠨ᠎ᠠ᠃ ︽ᠲᠣᠰ ᠤᠳᠠᠭᠠᠨ ᠤ ᠠᠵᠢᠯᠯᠠᠭ᠎ᠠ | ᠪᠣᠯ ᠮᠠᠨ ᠤ ᠠᠶᠢᠮᠠᠭ ᠤᠨ 2023 ᠣᠨ ᠤ ︿ᠬᠠᠪᠤᠷ ᠤᠨ ᠰᠠᠯᠬᠢᠨ ᠤ ᠠᠵᠢᠯᠯᠠᠭ᠎ᠠ ﹀ ᠪᠠ ︿ᠮᠢᠩᠭᠠᠨ | ᠲᠠᠯᠠᠪᠤᠷ ᠠᠵᠢᠯᠲᠠᠨ ᠡᠯᠰᠡᠬᠦ ﹀ ᠠᠵᠢᠯᠯᠠᠭ᠎ᠠ ᠶᠢᠨ ᠠᠬᠢᠭᠤᠯᠤᠯ ᠪᠠ ᠦᠷᠭᠦᠯᠵᠢᠯᠡᠯ ᠮᠥᠨ᠂ ᠡᠭᠦᠨ ᠤ ᠭᠤᠤᠯ | ᠵᠣᠷᠢᠯᠭ᠎ᠠ ᠨᠢ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠪᠠ ᠬᠥᠳᠡᠯᠮᠦᠷᠢᠴᠢᠳ ᠤᠨ ᠠᠵᠢᠯ ᠡᠷᠢᠬᠦ ᠬᠦᠰᠡᠯ ᠰᠠᠨᠠᠭ᠎ᠠ ᠶᠢ | ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠬᠥᠳᠡᠯᠮᠦᠷᠢᠴᠢᠳ ᠤᠨ ᠠᠵᠢᠯ ᠤᠯᠬᠤ ᠬᠦᠴᠢᠷ ᠠᠰᠠᠭᠤᠳᠠᠯ ᠢ ᠡᠬᠢ | ᠡᠭᠦᠰᠦᠯ ᠠᠴᠠ ᠨᠢ ᠰᠢᠢᠳᠪᠦᠷᠢᠯᠡᠬᠦ ᠶᠢᠨ ᠲᠥᠯᠥᠭᠡ ᠶᠤᠮ ︾ ᠭᠡᠵᠦ ᠬᠢᠩᠭᠠᠨ ᠠᠶᠢᠮᠠᠭ ᠤᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠳᠠᠷᠤᠭ᠎ᠠ ᠳ᠋ᠢᠩ ᠰᠢᠶᠤᠤ ᠳ᠋ᠦᠩ ᠬᠡᠯᠡᠪᠡ᠃ | |