ᠯᠢᠶᠠᠩ ᠵᠧᠨ ᠱᠠᠨ᠂ ᠡᠷᠡᠭᠲᠡᠢ᠂ 1971 ᠣᠨ ᠤ 9 ᠰᠠᠷ᠎ᠠ ᠳᠤ ᠲᠦᠷᠦᠵᠠᠢ᠂ 1991 ᠣᠨ ᠤ 8 | ᠰᠠᠷ᠎ᠠ ᠳᠤ ᠠᠵᠢᠯ ᠳᠤ ᠤᠷᠤᠯᠴᠠᠵᠤ᠂ ᠤᠳᠤ ᠲᠦᠴᠢᠦᠸᠠᠨ ᠰᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ ᠲᠤᠰᠢᠶᠠᠯ ᠬᠠᠷᠢᠭᠤᠴᠠᠭᠰᠠᠨ ᠠᠴᠠ ᠨᠠᠰᠢ᠂ ᠲᠡᠷᠡ ᠨᠠᠮ ᠤᠨ | ᠦᠨᠳᠦᠰᠦᠨ ᠱᠤᠭᠤᠮ ᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠵᠤ᠂ ᠤᠳᠤᠷᠢᠳᠬᠤ ᠪᠠᠭ ᠤᠨ ᠪᠦᠯᠬᠦᠮᠳᠡᠯ ᠪᠣᠯᠣᠨ ᠪᠦᠬᠦᠯᠢ ᠴᠣᠭᠴᠠ ᠶᠢᠨ ᠳᠦᠷᠢ ᠲᠥᠷᠬᠦ ᠶᠢ | ᠤᠬᠠᠮᠰᠠᠷ ᠠᠴᠠ ᠪᠠᠨ ᠬᠠᠮᠠᠭᠠᠯᠠᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ | ᠭᠤᠣᠯᠳᠠᠯᠭ᠎ᠠ᠂ ᠬᠦᠴᠢᠷᠳᠡᠯ ᠢ ᠴᠢᠩᠭ᠎ᠠ ᠠᠳᠬᠤᠵᠤ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ︽ᠭᠤᠶᠣᠵᠢᠭᠤᠯᠬᠤ᠂ ᠭᠡᠭᠡᠷᠡᠬᠦᠯᠬᠦ᠂ ᠨᠣᠭᠤᠭᠠᠷᠠᠭᠤᠯᠬᠤ᠂ ᠴᠡᠪᠡᠷᠰᠢᠭᠦᠯᠬᠦ︾ | ᠪᠠᠷ ᠬᠠᠷᠠᠯᠲᠠ ᠪᠣᠯᠭᠠᠵᠤ᠂ ᠬᠤᠳᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ᠮᠠᠭᠲᠠᠭᠠᠯ | ᠰᠠᠶᠢᠰᠢᠶᠠᠯ ᠢ ᠣᠯᠵᠠᠢ᠃ ᠬᠢᠩᠭᠠᠨ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠳᠤ ︽ᠪᠦᠬᠦ ᠠᠶᠢᠮᠠᠭ ᠤᠨ ᠠᠷᠪᠠᠨ ᠶᠡᠭᠡ ᠴᠢᠬᠡᠴᠢ ᠰᠤᠷᠲᠠᠯ ᠤᠨ ᠺᠠᠳ᠋ᠷ ᠤᠨ ᠵᠢᠱᠢᠶᠡᠴᠢ︾ ᠪᠠᠷ | ᠦᠨᠡᠯᠡᠭᠳᠡᠵᠦ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠳᠤ ︽ᠬᠠᠷᠢᠭᠤᠴᠠᠯᠭ᠎ᠠ ᠲᠠᠢ ᠰᠠᠶᠢᠨ ᠺᠠᠳ᠋ᠷ︾ ᠢᠶᠠᠷ | ᠦᠨᠡᠯᠡᠭᠳᠡᠵᠦ᠂ ᠲᠦᠴᠢᠦᠸᠠᠨ ᠰᠢᠶᠠᠨ ᠤ ᠨᠠᠮ ᠤᠨ ᠬᠤᠷᠢᠶ᠎ᠠ ᠳᠤ ︽ᠰᠢᠯᠢᠳᠡᠭ ᠨᠠᠮ ᠤᠨ ᠠᠵᠢᠯᠲᠠᠨ︾ ᠢᠶᠠᠷ | ᠦᠨᠡᠯᠡᠭᠳᠡᠵᠦ᠂ ᠲᠦᠴᠢᠦᠸᠠᠨ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ︽ | ᠠᠯᠪᠠᠲᠠᠨ ᠤ ᠬᠥᠬᠢᠭᠦᠯᠦᠯ︾᠂ ︽ᠠᠯᠪᠠᠲᠠᠨ ᠤ ᠭᠤᠷᠪᠠᠳᠤᠭᠠᠷ ᠳᠡᠰ ᠤᠨ ᠭᠠᠪᠢᠶ᠎ᠠ︾ ᠪᠠᠷ ᠦᠨᠡᠯᠡᠭᠳᠡᠪᠡ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠳᠡᠢ | ᠰᠠᠨᠠᠭᠠᠴᠢᠯᠠᠭ᠎ᠠ ᠲᠠᠢ ᠪᠠᠷ ᠠᠰᠠᠭᠤᠳᠠᠯ ᠢ ᠰᠢᠢᠳᠪᠦᠷᠢᠯᠡᠨ᠎ᠡ | 2019 ᠣᠨ ᠠᠴᠠ ᠨᠠᠰᠢ᠂ ᠲᠦᠴᠢᠦᠸᠠᠨ ᠰᠢᠶᠠᠨ ᠨᠡᠶᠢᠳᠡ 51 ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠨ ᠪᠠᠶᠢᠭᠤᠯᠵᠠᠢ᠃ ᠥᠭᠡᠷᠡᠴᠢᠯᠡᠬᠦ ᠶᠠᠪᠤᠴᠠ ᠳᠤ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠪᠠᠷᠢᠯᠭ᠎ᠠ ᠶᠢᠨ ᠠᠵᠢᠯ ᠤᠳᠠᠭᠠᠨ᠂ ᠥᠭᠡᠷᠡᠴᠢᠯᠡᠬᠦ ᠠᠬᠢᠴᠠ ᠲᠡᠩᠴᠡᠭᠦᠷᠢ ᠦᠭᠡᠢ ᠠᠴᠠ ᠪᠣᠯᠵᠤ᠂ | ᠥᠮᠴᠢᠲᠡᠨ ᠤ ᠲᠤᠰᠬᠠᠭᠰᠠᠨ ᠠᠰᠠᠭᠤᠳᠠᠯ ᠨᠡᠯᠢᠶᠡᠳ ᠣᠯᠠᠨ ᠪᠣᠯᠪᠠ᠃ ᠲᠡᠷᠡ ︽ᠦᠨᠳᠦᠰᠦᠨ ᠱᠠᠲᠤᠨ ᠳᠤ | ᠪᠠᠭᠤᠵᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠵᠣᠪᠠᠭᠤᠷᠢ ᠶᠢ ᠰᠢᠢᠳᠪᠦᠷᠢᠯᠡᠵᠦ᠂ ᠠᠷᠠᠳ ᠤᠨ | ᠰᠡᠳᠬᠢᠯ ᠢ ᠳᠤᠯᠠᠭᠠᠴᠠᠭᠤᠯᠬᠤ︾ ᠠᠵᠢᠯ ᠤᠨ ᠣᠪᠣᠷ ᠢᠶᠠᠷ᠂ ᠤᠯᠠᠨ ᠤᠳᠠᠭ᠎ᠠ ᠲᠤᠬᠠᠢ ᠶᠢᠨ ᠲᠠᠯᠠᠪᠠᠢ ᠳᠤ ᠬᠦᠷᠴᠦ | ᠪᠠᠶᠢᠴᠠᠭᠠᠨ ᠰᠢᠨᠵᠢᠵᠦ᠂ ᠠᠰᠠᠭᠤᠳᠠᠯ ᠤᠨ ᠵᠠᠩᠭᠢᠯᠠᠭ᠎ᠠ ᠶᠢ ᠣᠶᠢᠯᠠᠭᠠᠵᠤ᠂ ᠤᠯᠠᠨ ᠲᠦᠮᠡᠨ ᠤ ᠰᠡᠳᠬᠢᠯ ᠤᠨ | ᠳᠠᠭᠤᠨ ᠢ ᠰᠣᠨᠣᠰᠴᠤ᠂ ᠠᠷᠠᠳ ᠤᠨ ᠰᠠᠨᠠᠭ᠎ᠠ ᠶᠢ ᠥᠷᠭᠡᠨ ᠢᠶᠠᠷ ᠰᠢᠩᠭᠡᠬᠡᠨ ᠠᠪᠴᠤ᠂ ᠥᠭᠡᠷᠡᠴᠢᠯᠡᠬᠦ | ᠲᠥᠰᠥᠯ ᠢᠶᠠᠨ ᠰᠢᠯᠢᠳᠡᠭᠵᠢᠭᠦᠯᠵᠦ᠂ ᠠᠵᠢᠯ ᠤᠨ ᠬᠤᠭᠤᠴᠠᠭᠠᠨ ᠳᠤ ᠥᠭᠡᠷᠡᠴᠢᠯᠡᠬᠦ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠵᠦ᠂ ᠰᠠᠭᠤᠭᠠᠯᠢ ᠠᠷᠠᠳ ᠢ ᠭᠠᠴᠢᠭᠳᠠᠭᠤᠯᠵᠤ ᠪᠠᠶᠢᠭᠰᠠᠨ ︽ᠪᠠᠴᠢᠮ ᠬᠦᠴᠢᠷᠲᠡᠢ ᠵᠣᠪᠠᠨᠢᠯ | ︾ ᠤᠨ ᠠᠰᠠᠭᠤᠳᠠᠯ ᠢ ᠰᠢᠢᠳᠪᠦᠷᠢᠯᠡᠪᠡ᠃ ᠪᠦᠬᠦ ᠰᠢᠶᠠᠨ ᠳᠤ ᠨᠡᠶᠢᠲᠡ 16 ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠦᠢᠯᠡᠰ ᠤᠨ ᠲᠡᠦᠬᠡᠨ ᠦᠯᠡᠳᠡᠭᠳᠡᠯ ᠠᠰᠠᠭᠤᠳᠠᠯ ᠤᠨ ᠲᠥᠷᠥᠯ ᠵᠦᠢᠯ ᠪᠠᠶᠢᠵᠤ᠂ 5000 ᠭᠠᠷᠤᠢ | ᠡᠷᠦᠬᠡ ᠰᠠᠭᠤᠭᠠᠯᠢ ᠠᠷᠠᠳ ᠤᠨ ᠦᠨᠡᠮᠯᠡᠯ ᠠᠪᠬᠤ ᠠᠰᠠᠭᠤᠳᠠᠯ ᠳᠤ ᠬᠤᠯᠪᠣᠭᠳᠠᠵᠤ᠂ ᠲᠡᠷᠡ ᠡᠨᠡᠬᠦ ᠠᠵᠢᠯ ᠢ | ᠢᠮᠠᠭᠲᠠ ᠲᠡᠷᠢᠭᠦᠨ ᠴᠢᠬᠤᠯᠠ ᠶᠠᠪᠤᠳᠠᠯ ᠪᠣᠯᠭᠠᠨ ᠬᠢᠵᠦ᠂ ᠣᠯᠠᠨ ᠲᠦᠮᠡᠨ ᠤ ᠦᠨᠡᠮᠯᠡᠯ ᠠᠪᠬᠤ ᠶᠠᠪᠤᠴᠠ ᠳᠤ | ᠭᠠᠷᠤᠭᠰᠠᠨ ᠪᠡᠷᠬᠡ ᠠᠰᠠᠭᠤᠳᠠᠯ ᠢ ᠢᠳᠡᠪᠬᠢᠲᠡᠢ ᠪᠠᠷ ᠣᠶᠢᠯᠠᠭᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠲᠠᠢ ᠨᠢᠭᠲᠠ | ᠤᠶᠠᠯᠳᠤᠭᠤᠯᠤᠨ᠂ ᠭᠠᠶᠢᠯᠢ ᠶᠢᠨ ᠶᠠᠪᠤᠳᠠᠯ᠂ ᠲᠥᠯᠦᠪᠵᠢᠭᠦᠯᠭᠡ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠪᠠᠷ | ᠵᠣᠬᠢᠴᠠᠯᠳᠤᠨ ᠨᠡᠪᠲᠡᠷᠡᠯᠴᠡᠵᠦ᠂ ︽ᠰᠦᠢᠳᠬᠡᠯ ᠪᠠ ᠭᠡᠷᠡᠴᠢ ᠶᠢ ᠰᠠᠯᠭᠠᠬᠤ︾ ︽ᠵᠠᠬᠢᠳᠠᠯ ᠢᠶᠠᠷ ᠭᠡᠷᠡᠴᠢ ᠶᠢ | ᠣᠷᠣᠯᠠᠭᠤᠯᠬᠤ︾ ︽ᠤᠷᠢᠳᠠᠪᠠᠷ ᠭᠡᠷᠡᠴᠢᠯᠡᠵᠦ ᠳᠠᠷᠠᠭ᠎ᠠ ᠨᠢ ᠭᠠᠶᠢᠯᠢ ᠲᠤᠰᠢᠶᠠᠬᠤ︾ ︽ᠨᠡᠶᠢᠯᠡᠭᠦᠯᠦᠨ ᠬᠢᠨᠠᠨ | ᠵᠥᠪᠰᠢᠶᠡᠷᠡᠬᠦ︾ ᠵᠡᠷᠭᠡ ᠬᠡᠯᠪᠡᠷᠢ ᠪᠠᠷ ᠳᠠᠮᠵᠢᠭᠤᠯᠤᠨ᠂ ᠭᠦᠢᠴᠡᠳᠬᠡᠬᠦ ᠠᠬᠢᠴᠠ ᠶᠢ ᠲᠦᠷᠭᠡᠳᠬᠡᠵᠡᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠣᠯᠣᠭᠠᠶᠢᠯᠠᠬᠤ | ᠦᠢᠯᠡᠳᠦᠯ ᠢ ᠭᠦᠢᠴᠡᠳ ᠪᠠᠳᠠᠷᠠᠭᠤᠯᠤᠨ᠎ᠠ | 2020 ᠣᠨ ᠤ 4 ᠰᠠᠷ᠎ᠠ ᠳᠤ᠂ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠤᠨ ᠡᠮᠦᠨ᠎ᠡ᠂ ᠲᠡᠷᠡ ᠡᠩ ᠲᠡᠷᠢᠭᠦᠨ ᠳᠤ ᠠᠵᠢᠯ ᠬᠢᠵᠦ᠂ ᠵᠢᠯᠣᠭᠤᠳᠤᠭᠴᠢ ᠪᠣᠯᠬᠤ ᠮᠥᠷᠲᠡᠭᠡᠨ | ᠪᠠᠶᠢᠯᠳᠤᠭᠴᠢ ᠪᠣᠯᠵᠤ᠂ ᠡᠳᠦᠷ ᠨᠢ ᠡᠯ᠎ᠡ ᠦᠯᠢᠭᠡᠷ ᠠᠪᠬᠤ ᠭᠠᠵᠠᠷ ᠲᠤ ᠬᠦᠷᠴᠦ ᠠᠵᠢᠯ ᠲᠣᠬᠢᠷᠠᠭᠤᠯᠵᠤ᠂ ᠰᠦᠨᠢ | ᠨᠢ ᠡᠯ᠎ᠡ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ ᠵᠢᠵᠢᠭᠦᠷᠯᠡᠭᠴᠢ ᠶᠢᠨ ᠠᠵᠢᠯ ᠪᠠ ᠠᠮᠢᠳᠤᠷᠠᠯ ᠤᠨ | ᠬᠡᠷᠡᠭᠴᠡᠭᠡ ᠶᠢ ᠪᠠᠶᠢᠴᠠᠭᠠᠨ ᠦᠵᠡᠨ᠎ᠡ᠃ ᠲᠤᠰᠠᠭᠠᠷᠯᠠᠬᠤ ᠴᠢᠭ ᠪᠣᠯᠣᠨ ᠴᠢᠩᠭᠡᠯᠢᠭ ᠡᠮᠨᠡᠯᠭᠡ ᠶᠢᠨ ᠬᠤᠷᠢᠶ᠎ᠠ ᠶᠢ | ᠲᠦᠷᠭᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠶᠢᠨ ᠲᠥᠯᠥᠭᠡ᠂ ᠲᠡᠷᠡ | ᠳᠠᠷᠤᠢ ᠲᠦᠷᠭᠡᠨ ᠲᠤᠬᠠᠢ ᠶᠢᠨ ᠲᠠᠯᠠᠪᠠᠢ ᠳᠤ ᠬᠦᠷᠴᠦ᠂ ᠡᠯ᠎ᠡ ᠲᠠᠯ᠎ᠠ ᠶᠢᠨ ᠬᠢᠨ ᠢ ᠵᠣᠬᠢᠶᠠᠨ ᠪᠠᠶᠢᠭᠤᠯᠤᠨ | ᠵᠣᠬᠢᠴᠠᠭᠤᠯᠵᠤ ᠪᠠᠶᠢᠭᠠᠳ ᠪᠦᠬᠦ ᠬᠦᠴᠦᠨ ᠢᠶᠠᠷ ᠢᠶᠠᠨ ᠴᠢᠷᠮᠠᠶᠢᠵᠤ᠂ 24 ᠴᠠᠭ ᠡᠳᠦᠷ ᠰᠥᠨᠢ ᠦᠭᠡᠢ ᠲᠡᠮᠡᠴᠡᠵᠦ᠂ | ᠪᠦᠲᠦᠭᠡᠨ ᠪᠠᠶᠢᠭᠤᠯᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠪᠠᠲᠤ ᠴᠢᠩᠭ᠎ᠠ ᠥᠮᠥᠭ ᠲᠦᠰᠢᠭ ᠬᠠᠩᠭᠠᠭᠰᠠᠨ ᠪᠠᠶᠢᠨ᠎ᠠ᠃ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠤᠲᠠ ᠶᠢᠨ ᠳᠦᠷᠰᠦ | ᠪᠠᠶᠢᠳᠠᠯ ᠢ ᠴᠣ᠋ ᠰᠢᠨ᠎ᠡ ᠪᠣᠯᠭᠠᠪᠠ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠪᠴᠢᠶᠠᠨ | ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ᠲᠡᠦᠬᠡᠨ ᠠᠴᠠ ᠨᠠᠰᠢᠬᠢ ᠪᠡᠯᠡ ᠣᠷᠣᠭᠤᠯᠤᠯᠲᠠ | ᠬᠠᠮᠤᠭ ᠤᠨ ᠠᠷᠪᠢᠨ᠂ ᠲᠥᠷᠥᠯ ᠵᠦᠢᠯ ᠬᠠᠮᠤᠭ ᠤᠨ ᠲᠥᠪᠯᠡᠷᠡᠩᠭᠦᠢ᠂ ᠪᠠᠷᠢᠯᠭ᠎ᠠ ᠶᠢᠨ ᠬᠡᠮᠵᠢᠶ᠎ᠡ ᠬᠠᠮᠤᠭ ᠤᠨ ᠶᠡᠭᠡ | ᠨᠢᠭᠡ ᠬᠤᠭᠤᠴᠠᠭ᠎ᠠ ᠪᠣᠯᠵᠠᠢ᠃ ᠲᠡᠷᠡ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠢᠰᠲ᠋ᠧᠮ ᠤᠨ ᠺᠠᠳ᠋ᠷ ᠠᠵᠢᠯᠲᠠᠳ ᠢ ᠳᠠᠭᠠᠭᠤᠯᠵᠤ᠂ ᠠᠵᠠ ᠲᠣᠬᠢᠶᠠᠯ ᠢ ᠠᠮᠵᠢᠵᠤ᠂ | ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠵᠤ᠂ ᠭᠤᠣᠯ | ᠴᠡᠴᠡᠷᠯᠢᠭ᠂ ᠡᠮᠦᠨ᠎ᠡ ᠠᠭᠤᠷ ᠴᠡᠴᠡᠷᠯᠢᠭ᠂ ᠡᠮᠳᠤ ᠶᠢᠨ ᠭᠤᠣᠯ ᠤᠨ ᠪᠢᠨ ᠾᠧ ᠴᠡᠴᠡᠷᠯᠢᠭ ᠵᠢᠴᠢ ᠬᠢᠩᠭᠠᠨ ᠵᠡᠭᠡᠯᠢ᠂ | ᠵᠢᠶᠠᠨ ᠱᠧ ᠵᠡᠭᠡᠯᠢ ᠭᠤᠳᠤᠮᠵᠢ ᠶᠢᠨ ᠵᠠᠮ ᠢ ᠥᠭᠡᠷᠡᠴᠢᠯᠡᠬᠦ ᠶᠡᠷᠦᠩᠬᠡᠶᠢᠯᠡᠭᠰᠡᠨ ᠢᠨᠵᠧᠨᠧᠷᠢᠩ ᠵᠡᠷᠭᠡ 14 ᠵᠦᠢᠯ ᠤᠨ | ᠭᠤᠣᠯᠳᠠᠯᠭ᠎ᠠ ᠲᠠᠢ ᠢᠨᠵᠧᠨᠧᠷᠢᠩ᠂ ᠬᠢᠯᠠᠰ ᠴᠡᠭᠲᠦ ᠢᠨᠵᠧᠨᠧᠷᠢᠩ ᠪᠣᠯᠣᠨ ᠠᠷᠠᠳ ᠤᠨ ᠠᠮᠢᠳᠤᠷᠠᠯ ᠤᠨ | ᠢᠨᠵᠧᠨᠧᠷᠢᠩ ᠢ ᠲᠥᠯᠥᠪᠵᠢᠭᠦᠯᠵᠡᠢ᠃ ︽ᠶᠠᠮᠠᠷ ᠪᠠᠶᠢᠷᠢᠨ ᠳᠤ ᠪᠠᠶᠢᠪᠠᠯ ᠲᠡᠭᠦᠨ ᠤ ᠵᠠᠰᠠᠭ ᠤᠨ ᠶᠠᠪᠤᠳᠠᠯ ᠢ | ᠪᠣᠳᠣᠯᠬᠢᠯᠠᠵᠤ᠂ ᠬᠤᠭᠤᠰᠤᠨ ᠵᠡᠷᠭᠡ ᠬᠡᠷᠬᠡᠮ ᠡᠯᠭᠦᠬᠦ ᠦᠭᠡᠢ᠂ ᠨᠡᠷ᠎ᠡ ᠬᠦᠨᠳᠦᠲᠦ ᠲᠣᠪᠴᠢᠶᠠᠨ ᠳᠠᠷᠤᠭ᠎ᠠ ᠪᠣᠯᠬᠤ | ᠦᠭᠡᠢ᠂ ᠠᠵᠢᠯᠯᠠᠪᠠᠯ ᠦᠯᠢᠭᠡᠷ ᠳᠠᠭᠤᠷᠢᠶᠠᠯ ᠦᠵᠡᠭᠦᠯᠦᠨ᠎ᠡ︕︾᠂ ᠬᠦᠴᠢᠷ ᠪᠡᠷᠬᠡᠰᠢᠶᠡᠯ ᠤᠨ ᠡᠮᠦᠨ᠎ᠡ ᠲᠡᠷᠡ | ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠺᠠᠳ᠋ᠷ ᠠᠵᠢᠯᠲᠠᠨ ᠢᠶᠠᠨ | ᠳᠠᠭᠠᠭᠤᠯᠤᠨ ᠪᠠᠷᠢᠯᠭ᠎ᠠ ᠶᠢᠨ ᠠᠵᠢᠯ ᠤᠨ ᠨᠢᠭᠡᠳᠦᠭᠡᠷ ᠹᠷᠣᠨᠲ ᠲᠤ ᠤᠷᠳᠤ ᠬᠤᠭᠤᠴᠠᠭ᠎ᠠ ᠪᠠᠷ ᠡᠷᠡᠯᠬᠡᠭᠯᠡᠨ | ᠪᠠᠶᠢᠯᠳᠤᠵᠤ᠂ ᠭᠠᠷᠠᠭ ᠤᠨ ᠰᠡᠭᠦᠯᠴᠢ ᠪᠠ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠭᠡᠵᠦ ᠦᠭᠡᠢ᠃ | ᠵᠠᠮ ᠥᠷᠭᠡᠨ ᠪᠣᠯᠵᠤ᠂ ᠣᠷᠴᠢᠨ ᠲᠣᠭᠤᠷᠢᠨ ᠰᠠᠶᠢᠵᠢᠷᠠᠵᠤ᠂ ᠤᠰᠤᠲᠤᠯ ᠤᠨ ᠠᠰᠠᠭᠤᠳᠠᠯ ᠢ ᠰᠢᠢᠳᠪᠦᠷᠢᠯᠡᠵᠦ᠂ | ᠤᠯᠠᠨ ᠲᠦᠮᠡᠨ ᠴᠦ ᠰᠤᠯᠠ ᠰᠡᠯᠡᠭᠦᠦ ᠴᠠᠭ ᠤᠨ ᠵᠤᠭ᠎ᠠ ᠴᠡᠩᠭᠡᠯ ᠤᠨ ᠭᠠᠵᠠᠷ ᠲᠠᠢ ᠪᠣᠯᠤᠭᠰᠠᠨ ᠢ ᠬᠥᠮᠥᠰ ᠰᠡᠮᠡᠭᠡᠷ | ᠣᠯᠵᠤ ᠮᠠᠲᠠᠵᠠᠢ᠃ | ᠯᠢᠶᠠᠩ ᠵᠧᠨ ᠱᠠᠨ ᠨᠥᠬᠦᠷ ᠬᠠᠷ᠎ᠠ ᠲᠡᠷᠢᠭᠦᠲᠡᠨ ᠤ ᠠᠵᠢᠯ ᠤᠨ ᠰᠤᠷᠲᠠᠯ ᠢᠶᠠᠷ ᠢᠶᠠᠨ ᠤᠯᠠᠨ ᠲᠦᠮᠡᠨ ᠤ | ᠳᠤᠮᠳᠠ᠂ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠨᠡᠶᠢᠲᠡ ᠶᠢᠨ ᠲᠥᠯᠥᠭᠡ ᠨᠠᠮ ᠪᠠᠶᠢᠭᠤᠯᠬᠤ᠂ ᠠᠷᠠᠳ ᠤᠨ | ᠲᠥᠯᠥᠭᠡ ᠲᠦᠷᠦ ᠪᠠᠷᠢᠬᠤ ᠰᠠᠶᠢᠨ ᠰᠠᠶᠢᠰᠢᠶᠠᠯ ᠢ ᠣᠯᠣᠭᠰᠠᠨ ᠶᠤᠮ᠃ ᠭᠡᠪᠡᠴᠦ ᠲᠡᠷᠡ ᠬᠡᠯᠡᠬᠦ ᠳᠡᠭᠡᠨ᠄ ︽ᠪᠢ ᠪᠣᠯ | ᠵᠥᠪᠬᠡᠨ ᠤᠯᠠᠨ ᠲᠦᠮᠡᠨ ᠤ ᠬᠥᠭᠦᠷᠭᠡ ᠳᠡᠭᠡᠷᠡᠬᠢ ᠡᠷᠭᠢ ᠱᠤᠷᠠᠭ ᠲᠡᠳᠦᠢ ᠶᠤᠮ᠂ ᠨᠠᠮ ᠪᠠ ᠤᠯᠠᠨ ᠲᠦᠮᠡᠨ ᠤ | ᠬᠥᠭᠦᠷᠭᠡ ᠶᠢ ᠰᠠᠶᠢᠲᠤᠷ ᠪᠣᠰᠬᠠᠬᠤ ᠪᠣᠯ ᠮᠢᠨᠤ ᠲᠤᠬᠠᠶᠢᠯᠠᠭᠰᠠᠨ ᠠᠵᠢᠯ ᠮᠥᠨ᠂ ᠪᠢ ᠳᠤᠷᠠᠲᠠᠶ᠎ᠠ ᠥᠪᠡᠷ ᠤᠨ | ᠠᠯᠢᠪᠠ ᠪᠠᠨ ᠰᠢᠪᠬᠠᠵᠤ᠂ ᠨᠠᠮ ᠪᠠ ᠤᠯᠠᠨ ᠲᠦᠮᠡᠨ ᠤ ︿ᠰᠡᠳᠬᠢᠯ ᠢ ᠬᠤᠯᠪᠣᠭᠰᠠᠨ ᠬᠥᠭᠦᠷᠭᠡ﹀ ᠶᠢᠨ ᠵᠠᠮ ᠳᠡᠪᠢᠰᠬᠦ | ᠴᠢᠯᠠᠭᠤ᠂ ᠬᠥᠭᠦᠷᠭᠡ ᠬᠠᠮᠠᠭᠠᠯᠠᠭᠴᠢ ᠪᠣᠯᠣᠨ᠎ᠠ︾ ᠭᠡᠵᠡᠢ᠃ |