ᠲᠦᠴᠢᠦᠸᠠᠨ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠳᠦᠷᠢᠮ ᠢ ᠬᠡᠷᠡᠭᠵᠢᠭᠦᠯᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2023/3/8
   ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠵᠤ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠭᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ  ᠪᠡᠯᠴᠢᠭᠡᠷ ᠢ ᠰᠡᠷᠭᠦᠭᠡᠬᠦ ᠳᠦᠷᠢᠮ︾ ︽︿ᠬᠢᠩᠭᠠᠨ ᠠᠶᠢᠮᠠᠭ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ  ᠪᠡᠯᠴᠢᠭᠡᠷ ᠢ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠤᠳᠤ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠬᠡᠷᠡᠭᠵᠢᠭᠦᠯᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ     ᠨᠢᠭᠡ᠂ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠢ ᠬᠤᠪᠢᠶᠠᠷᠢᠯᠠᠨ ᠲᠣᠭᠲᠠᠭᠠᠬᠤ     ᠣᠶᠢᠲᠤ ᠭᠠᠵᠠᠷ ᠤᠨ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠤ ᠬᠤᠪᠢᠶᠠᠷᠢᠯᠠᠨ ᠲᠣᠭᠲᠠᠭᠠᠬᠤ ᠬᠦᠷᠢᠶ᠎ᠡ ᠬᠡᠪᠴᠢᠶ᠎ᠡ᠄ ᠤᠯᠤᠰ ᠤᠨ ᠭᠤᠣᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠣᠶ ᠶᠢᠨ ᠲᠥᠷᠥᠯ ᠵᠦᠢᠯ ᠤᠨ ᠣᠷᠣᠨ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ᠂ ᠭᠤᠷᠪᠠᠨ ᠤᠮᠠᠷᠠᠲᠤ ᠶᠢᠨ ᠬᠠᠯᠬᠠᠪᠴᠢ ᠣᠶ ᠶᠢᠨ ᠢᠨᠵᠧᠨᠧᠷᠢᠩ ᠤᠨ ᠣᠷᠣᠨ ᠪᠦᠰᠡ︔ ᠰᠢᠶᠠᠨ ᠤ ᠬᠡᠪᠴᠢᠶᠡᠨ ᠤ G111 ᠤᠯᠤᠰ ᠤᠨ ᠵᠠᠮ ᠪᠠ ᠮᠤᠵᠢ ᠶᠢᠨ ᠬᠤᠭᠤᠷᠣᠨᠳᠣᠬᠢ ᠶᠡᠭᠡ ᠵᠠᠮ ᠵᠡᠷᠭᠡ ᠤᠯᠤᠰ ᠮᠤᠵᠢ ᠶᠢᠨ ᠭᠤᠣᠯ ᠵᠠᠮ᠂ ᠰᠢᠶᠠᠨ ᠰᠢᠶᠠᠩ ᠤᠨ ᠵᠠᠰᠠᠮᠠᠯ ᠵᠠᠮ ᠤᠨ ᠬᠤᠶᠠᠷ ᠬᠠᠵᠠᠭᠤ ᠶᠢᠨ ᠣᠶᠢᠲᠤ ᠭᠠᠵᠠᠷ︔ ᠤᠢ ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠣᠷᠣᠨ ᠪᠠ ᠰᠢᠨ᠎ᠡ ᠪᠠᠷ ᠣᠶᠢᠵᠢᠭᠤᠯᠤᠭᠰᠠᠨ ᠭᠠᠵᠠᠷ︔ ᠡᠪᠦᠭᠡᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠡᠯᠡᠰᠦᠨ ᠵᠢᠮᠢᠰ᠂ ᠬᠡᠭᠡᠷ᠎ᠡ   ᠶᠢᠨ ᠲᠢᠲᠢᠮ ᠵᠢᠮᠢᠰ᠂ ᠰᠢᠳ ᠵᠡᠷᠭᠡ ᠭᠤᠣᠯ ᠪᠣᠯᠬᠤ ᠠᠵᠤ ᠠᠬᠤᠢ   ᠶᠢᠨ ᠰᠢᠭᠤᠶᠢᠲᠤ ᠣᠷᠣᠨ᠃    ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠤ ᠬᠤᠪᠢᠶᠠᠷᠢᠯᠠᠨ ᠲᠣᠭᠲᠠᠭᠠᠬᠤ ᠬᠡᠪᠴᠢᠶ᠎ᠡ᠄ ᠨᠤᠲᠤᠭ ᠪᠡᠯᠴᠢᠭᠡᠷ ᠤᠨ ᠬᠡᠷᠡᠭᠯᠡᠬᠦ ᠡᠷᠬᠡ ᠪᠤᠶᠤ ᠨᠤᠲᠤᠭ ᠪᠡᠯᠴᠢᠭᠡᠷ ᠤᠨ ᠳᠠᠭᠠᠭᠠᠴᠢᠯᠠᠬᠤ ᠡᠷᠬᠡ ᠶᠢ ᠨᠠᠶᠢᠳᠠᠪᠤᠷᠢᠵᠢᠭᠤᠯᠤᠭᠰᠠᠨ ᠨᠤᠲᠤᠭ ᠪᠡᠯᠴᠢᠭᠡᠷ᠂ ᠤᠯᠤᠰ ᠤᠨ ᠭᠠᠵᠠᠷ ᠰᠢᠷᠣᠢ ᠶᠢᠨ ︽ᠭᠤᠷᠪᠠ ᠶᠢ ᠲᠣᠬᠢᠷᠠᠭᠤᠯᠬᠤ︾ ᠬᠡᠪᠴᠢᠶᠡᠨ ᠳᠣᠲᠣᠷᠠᠬᠢ ᠪᠡᠯᠴᠢᠭᠡᠷ᠃ ᠬᠡᠷᠡᠭᠵᠢᠭᠦᠯᠬᠦ ᠬᠤᠭᠤᠴᠠᠭᠠᠨ ᠳᠠᠬᠢ ᠨᠤᠲᠤᠭ ᠪᠡᠯᠴᠢᠭᠡᠷ ᠤᠨ ᠢᠨᠵᠧᠨᠧᠷᠢᠩ ᠤᠨ ᠲᠥᠷᠥᠯ ᠵᠦᠢᠯ ᠤᠨ ᠲᠣᠭᠤᠷᠢᠭ︔ ᠬᠦᠨᠳᠦ ᠬᠡᠮᠵᠢᠶᠡᠨ ᠤ ᠲᠠᠴᠢᠷᠳᠠᠭᠰᠠᠨ᠂ ᠡᠯᠡᠰᠦᠵᠢᠭᠰᠡᠨ ᠨᠤᠲᠤᠭ ᠪᠡᠯᠴᠢᠭᠡᠷ᠂ ᠪᠡᠯᠴᠢᠭᠡᠷᠯᠡᠭᠦᠯᠦᠨ ᠠᠰᠢᠭᠯᠠᠬᠤ ᠳᠤ ᠲᠣᠬᠢᠷᠠᠬᠤ ᠦᠭᠡᠢ ᠳᠤᠮᠳᠠ ᠬᠡᠮᠵᠢᠶᠡᠨ ᠤ ᠲᠠᠴᠢᠷᠳᠠᠭᠰᠠᠨ᠂ ᠡᠯᠡᠰᠦᠵᠢᠭᠰᠡᠨ ᠨᠤᠲᠤᠭ ᠪᠡᠯᠴᠢᠭᠡᠷ︔ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ ᠭᠠᠵᠠᠷ ᠤᠨ ᠨᠤᠲᠤᠭ ᠪᠡᠯᠴᠢᠭᠡᠷ ᠪᠤᠰᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠴᠢᠬᠤᠯᠠᠲᠠᠢ ᠨᠤᠲᠤᠭ ᠪᠡᠯᠴᠢᠭᠡᠷ᠃   ᠬᠤᠶᠠᠷ᠂ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠤ ᠬᠠᠮᠢᠶᠠᠷᠤᠯᠲᠠ   ︵ᠨᠢᠭᠡ︶ ᠪᠥᠬᠦ ᠵᠢᠯ ᠳᠤ ᠪᠡᠯᠴᠢᠭᠡᠷᠯᠡᠭᠦᠯᠬᠦ ᠶᠢ ᠵᠤᠭᠰᠤᠭᠠᠬᠤ ᠶᠢ ᠬᠡᠷᠡᠭᠵᠢᠭᠦᠯᠦᠨ᠎ᠡ᠃ ᠪᠦᠬᠦ ᠰᠢᠶᠠᠨ ᠢᠶᠠᠷ ᠢᠶᠠᠨ ᠪᠦᠬᠦ ᠵᠢᠯ ᠳᠤ ᠪᠦᠬᠦ ᠣᠷᠣᠨ ᠪᠦᠰᠡ ᠳᠤ ᠪᠡᠯᠴᠢᠭᠡᠷᠯᠡᠭᠦᠯᠬᠦ ᠶᠢ ᠵᠤᠭᠰᠤᠭᠠᠬᠤ ᠶᠢ ᠬᠡᠷᠡᠭᠵᠢᠭᠦᠯᠵᠦ᠂ ᠮᠠᠯ ᠢ ᠪᠦᠬᠦ ᠵᠢᠯ ᠳᠤ ᠬᠠᠰᠢᠶᠠᠯᠠᠨ ᠲᠡᠵᠢᠭᠡᠵᠦ  ᠬᠠᠰᠢᠶᠠᠯᠠᠨ ᠲᠡᠵᠢᠭᠡᠵᠦ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠵᠤ᠂ ᠰᠥᠨᠢ ᠪᠠᠷ ᠪᠡᠯᠴᠢᠭᠡᠷᠯᠡᠭᠦᠯᠬᠦ᠂ ᠬᠤᠯᠠᠭᠠᠶᠢᠯᠠᠨ ᠪᠡᠯᠴᠢᠭᠡᠷᠯᠡᠭᠦᠯᠬᠦ ᠠᠵᠢᠯᠯᠠᠭ᠎ᠠ ᠶᠢ ᠡᠷᠡᠰ ᠬᠤᠷᠢᠭᠯᠠᠨ᠎ᠠ᠃ ᠡᠯ᠎ᠡ ᠰᠢᠶᠠᠩ ᠪᠠᠯᠭᠠᠰᠤ᠂ ᠲᠠᠷᠢᠶᠠᠯᠠᠩ ᠤᠨ ᠲᠠᠯᠠᠪᠠᠶ᠂ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠢᠯᠡᠷᠬᠡᠢ ᠭᠠᠵᠠᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶ᠎ᠠ ᠪᠦᠬᠦᠢ ᠲᠡᠮᠳᠡᠭ ᠢ ᠪᠠᠶᠢᠷᠢᠯᠠᠭᠤᠯᠵᠤ᠂ ᠤᠷᠢᠳᠴᠢᠯᠠᠨ ᠲᠥᠯᠥᠪᠵᠢᠭᠦᠯᠵᠦ᠂ ᠲᠡᠵᠢᠭᠡᠯ ᠡᠪᠡᠰᠦ ᠪᠣᠷᠳᠤᠭ᠎ᠠ ᠶᠢ ᠲᠣᠬᠢᠷᠠᠭᠤᠯᠤᠨ ᠬᠤᠳᠠᠯᠳᠤᠨ ᠠᠪᠬᠤ ᠪᠠ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃    ︵ᠬᠤᠶᠠᠷ︶ ᠡᠪᠡᠰᠦ ᠬᠠᠳᠤᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠤᠷᠭᠤᠮᠠᠯ ᠤᠨ ᠬᠤᠴᠢᠯᠭ᠎ᠠ ᠶᠢ ᠨᠡᠯᠢᠶᠡᠳ ᠰᠠᠶᠢᠨ ᠰᠡᠷᠭᠦᠭᠡᠭᠰᠡᠨ ᠪᠤᠶᠤ ᠡᠪᠡᠰᠦ ᠬᠠᠳᠤᠵᠤ ᠠᠰᠢᠭᠯᠠᠬᠤ ᠶᠢ ᠪᠦᠷᠢᠳᠦᠭᠦᠯᠦᠭᠰᠡᠨ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠲᠤ ᠤᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠡᠪᠡᠰᠦ ᠬᠠᠳᠤᠬᠤ ᠬᠤᠭᠤᠴᠠᠭ᠎ᠠ᠂ ᠦᠷ᠎ᠡ ᠲᠡᠭᠦᠬᠦ ᠬᠤᠭᠤᠴᠠᠭ᠎ᠠ᠂ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ᠂ ᠬᠠᠳᠤᠬᠤ ᠬᠦᠴᠦᠯᠡᠴᠡ᠂ ᠡᠭᠡᠯᠵᠢᠯᠡᠨ ᠬᠠᠳᠤᠵᠤ ᠡᠭᠡᠯᠵᠢᠯᠡᠨ ᠲᠡᠭᠦᠬᠦ᠂ ᠡᠪᠡᠰᠦᠨ ᠦᠷ᠎ᠡ ᠦᠯᠡᠳᠡᠭᠡᠬᠦ ᠪᠦᠰᠡ ᠵᠡᠷᠭᠡ ᠬᠤᠯᠪᠣᠭᠳᠠᠯ ᠪᠦᠬᠦᠢ ᠮᠡᠷᠭᠡᠵᠢᠯ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃    ︵ᠭᠤᠷᠪᠠ︶ ᠬᠠᠤᠯᠢ ᠶᠣᠰᠣᠭᠠᠷ ᠴᠢᠩᠭ᠎ᠠ ᠰᠢᠳᠬᠡᠨ᠎ᠡ᠃ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠢ ᠡᠯ᠎ᠡ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠪᠣᠳᠠᠲᠠᠢ ᠬᠡᠷᠡᠭᠵᠢᠭᠦᠯᠬᠦ ᠬᠡᠷᠡᠭᠲᠡᠢ᠃ ᠲᠣᠭᠲᠠᠭᠠᠯ   ᠠᠴᠠ ᠵᠥᠷᠢᠴᠡᠨ ᠮᠠᠯ ᠮᠠᠯᠵᠢᠬᠤ᠂ ᠬᠤᠯᠠᠭᠠᠶᠢᠯᠠᠨ ᠮᠠᠯᠯᠠᠬᠤ᠂ ᠳᠠᠭᠠᠭᠠᠴᠠ  ᠠᠴᠠ ᠬᠡᠲᠦᠷᠡᠭᠦᠯᠦᠨ ᠮᠠᠯ ᠮᠠᠯᠯᠠᠬᠤ ᠵᠡᠷᠭᠡ ᠦᠶᠯᠡ ᠠᠵᠢᠯᠯᠠᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠪᠡᠯᠴᠢᠭᠡᠷ ᠢ ᠰᠡᠷᠭᠦᠭᠡᠬᠦ ᠳᠦᠷᠢᠮ︾ ᠢ ᠦᠨᠳᠦᠰᠦᠯᠡᠨ ᠰᠢᠳᠬᠡᠨ ᠲᠣᠷᠭᠠᠨ᠎ᠠ᠃ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠢ ᠬᠡᠷᠡᠭᠵᠢᠭᠦᠯᠬᠦ ᠶᠢ ᠲᠡᠪᠴᠢᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠠᠷᠠᠳ ᠤᠨ ᠰᠢᠭᠦᠬᠦ ᠬᠤᠷᠢᠶᠠᠨ ᠳᠤ ᠳᠡᠪᠰᠢᠭᠦᠯᠵᠦ ᠠᠯᠪᠠᠳᠠᠨ ᠭᠦᠢᠴᠡᠳᠬᠡᠭᠦᠯᠦᠨ᠎ᠡ᠃ ᠬᠦᠴᠦᠷᠬᠡᠭᠯᠡᠯ ᠂ ᠰᠦᠷᠳᠡᠭᠦᠯᠦᠯ᠂ ᠥᠳᠥᠭᠡᠵᠦ ᠦᠢᠮᠡᠭᠡᠨ ᠭᠠᠷᠭᠠᠬᠤ ᠵᠡᠷᠭᠡ ᠠᠷᠭ᠎ᠠ ᠪᠠᠷᠢᠯ ᠢᠶᠠᠷ ᠲᠤᠶᠢᠷᠦ ᠶᠢᠨ ᠪᠠᠶᠢᠭᠤᠯᠭ᠎ᠠ ᠶᠢᠨ ᠠᠵᠢᠯᠲᠠᠨ ᠤ ᠬᠠᠤᠯᠢ ᠶᠣᠰᠣᠭᠠᠷ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢ ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠭᠤᠷᠪᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭ᠎ᠠ    ᠣᠶᠢᠲᠤ ᠭᠠᠵᠠᠷ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠪᠥᠬᠦ ᠵᠢᠯ ᠳᠤ ᠵᠤᠭᠰᠤᠭᠠᠬᠤ ᠶᠢ ᠬᠡᠷᠡᠭᠵᠢᠭᠦᠯᠦᠨ᠎ᠡ᠃ ᠵᠢᠯ ᠪᠦᠷᠢ ᠶᠢᠨ 5 ᠳ᠋ᠤᠭᠠᠷ ᠰᠠᠷ᠎ᠠ ᠶᠢᠨ 1 ᠤ ᠡᠳᠦᠷ ᠠᠴᠠ 7 ᠳ᠋ᠤᠭᠠᠷ ᠰᠠᠷ᠎ᠠ ᠶᠢᠨ 30 ᠤ ᠡᠳᠦᠷ ᠪᠣᠯᠲᠠᠯᠠᠬᠢ ᠬᠤᠭᠤᠴᠠᠭ᠎ᠠ ᠶᠢ ᠴᠢᠩᠭ᠎ᠠ ᠬᠠᠮᠢᠶᠠᠷᠬᠤ ᠬᠤᠭᠤᠴᠠᠭ᠎ᠠ ᠪᠣᠯᠭᠠᠵᠤ᠂ ︽ᠪᠡᠯᠴᠢᠭᠡᠷᠯᠡᠭᠦᠯᠬᠦ ᠶᠢ ᠵᠤᠭᠰᠤᠭᠠᠬᠤ ᠤᠯᠠᠷᠢᠯ︾ ᠤᠨ ᠠᠵᠢᠯᠯᠠᠭ᠎ᠠ ᠶᠢ ᠥᠷᠨᠢᠭᠦᠯᠬᠦ ᠳᠤ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ 8 ᠰᠠᠷ᠎ᠠ ᠶᠢᠨ 1  ᠤ ᠡᠳᠦᠷ ᠠᠴᠠ 9 ᠰᠠᠷ᠎ᠠ ᠶᠢᠨ 30  ᠤ ᠡᠳᠦᠷ ᠪᠣᠯᠲᠠᠯᠠᠬᠢ ᠬᠤᠭᠤᠴᠠᠭᠠᠨ ᠳᠤ ᠡᠪᠡᠰᠦ ᠬᠠᠳᠤᠵᠤ ᠬᠤᠷᠢᠶᠠᠬᠤ ᠤᠯᠠᠷᠢᠯ ᠪᠣᠯᠣᠨ᠎ᠠ᠂ ᠡᠪᠦᠯᠵᠢᠬᠦ ᠡᠪᠡᠰᠦ ᠪᠣᠷᠳᠤᠭ᠎ᠠ ᠶᠢ ᠢᠳᠡᠪᠬᠢᠲᠡᠢ ᠨᠥᠭᠡᠴᠡᠯᠡᠨ᠎ᠡ︔10 ᠳ᠋ᠤᠭᠠᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ 4 ᠳ᠋ᠦᠭᠡᠷ ᠰᠠᠷ᠎ᠠ ᠶᠢᠨ 20 ᠤ ᠡᠳᠦᠷ ᠪᠣᠯᠲᠠᠯ᠎ᠠ ᠲᠠᠷᠢᠶᠠᠨ ᠭᠠᠵᠠᠷ ᠲᠤ ᠭᠤᠯᠭᠤᠵᠤ ᠪᠣᠯᠣᠨ᠎ᠠ᠂ ᠭᠡᠪᠡᠴᠦ ᠨᠤᠲᠤᠭ ᠪᠡᠯᠴᠢᠭᠡᠷ ᠣᠶᠢᠲᠤ ᠭᠠᠵᠠᠷ ᠲᠤ ᠣᠷᠣᠵᠤ ᠮᠠᠯ ᠮᠠᠯᠵᠢᠬᠤ ᠶᠢ ᠵᠥᠪᠰᠢᠶᠡᠷᠡᠬᠦ ᠦᠭᠡᠢ᠃     ᠳᠥᠷᠪᠡ᠂ ᠣᠶᠢᠲᠤ ᠭᠠᠵᠠᠷ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ  ᠵᠤᠭᠰᠤᠭᠠᠬᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ     ︵ᠨᠢᠭᠡ︶ ᠣᠶᠢᠲᠤ ᠭᠠᠵᠠᠷ ᠨᠤᠲᠤᠭ ᠪᠡᠯᠴᠢᠭᠡᠷ ᠤᠨ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠪᠥᠬᠦ ᠰᠢᠶᠠᠨ ᠤ 188 ᠲᠣᠰᠬᠤᠨ ᠤ ᠱᠠᠲᠤᠨ ᠤ ᠨᠢᠭᠡᠴᠡ ᠳᠤ 1379 ᠠᠮᠢ ᠠᠬᠤᠢ ᠶᠢᠨ ᠣᠶ ᠬᠠᠮᠠᠭᠠᠯᠠᠭᠴᠢ᠂ 414 ᠨᠡᠶᠢᠲᠡ ᠶᠢᠨ ᠠᠰᠠᠷᠠᠮᠵᠢ ᠶᠢᠨ ᠣᠶ ᠶᠢᠨ ᠣᠶ ᠬᠠᠮᠠᠭᠠᠯᠠᠭᠴᠢ ᠶᠢᠨ ᠬᠠᠷᠢᠭᠤᠴᠠᠯᠭ᠎ᠠ ᠶᠢᠨ ᠬᠡᠰᠡᠭ ᠣᠷᠣᠨ ᠢ ᠭᠠᠵᠠᠷ ᠣᠷᠣᠨ ᠬᠡᠰᠡᠭ ᠳᠠᠷᠠᠭᠠᠯᠠᠨ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠲᠣᠥᠷᠵᠢᠭᠤᠯᠤᠭᠰᠠᠨ ᠬᠠᠮᠢᠶᠠᠷᠤᠯᠲᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠪᠠᠯᠭᠠᠰᠤ ᠲᠣᠰᠬᠤᠨ ᠤ ᠱᠠᠲᠤᠨ ᠤ ᠨᠤᠲᠤᠭ ᠪᠡᠯᠴᠢᠭᠡᠷ ᠤᠨ ᠲᠤᠰᠬᠠᠢ ᠲᠤᠰᠢᠶᠠᠯᠲᠤ ᠬᠠᠮᠢᠶᠠᠷᠤᠨ ᠬᠠᠮᠠᠭᠠᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ 15 ᠲᠦᠮᠡᠨ ᠮᠦ ᠪᠦᠷᠢ ᠳᠤ ᠨᠢᠭᠡ ᠲᠣᠥᠷᠵᠢᠭᠤᠯᠤᠭᠴᠢ ︵ᠬᠠᠮᠢᠶᠠᠷᠤᠨ ᠬᠠᠮᠠᠭᠠᠯᠠᠭᠴᠢ︶ ᠪᠠᠷ ᠣᠶ ᠰᠢᠭᠤᠢ ᠡᠪᠡᠰᠦ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ ᠲᠣᠬᠢᠷᠠᠭᠤᠯᠤᠨ ᠨᠡᠶᠢᠯᠡᠭᠦᠯᠵᠦ ᠲᠣᠬᠢᠷᠠᠭᠤᠯᠤᠨ᠂ ︽ᠲᠠᠰ ᠲᠣᠭᠲᠠᠭᠠᠬᠤ᠂ ᠠᠵᠢᠯᠲᠠᠨ ᠤ ᠲᠤᠭ᠎ᠠ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ︾ ᠶᠢ ᠨᠠᠶᠢᠳᠠᠪᠤᠷᠢᠵᠢᠭᠤᠯᠵᠤ᠂ ᠬᠥᠨᠳᠡᠯᠡᠨ ᠴᠢᠭᠯᠡᠯ ᠢᠶᠠᠷ ᠬᠥᠪᠡᠭᠡ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ᠂ ᠬᠢᠨᠠᠨ ᠬᠠᠮᠢᠶᠠᠷᠬᠤ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠰᠢᠶᠠᠨ᠂ ᠰᠢᠶᠠᠩ ᠪᠠᠯᠭᠠᠰᠤ ︵ᠲᠠᠷᠢᠶᠠᠯᠠᠩ ᠤᠨ ᠲᠠᠯᠠᠪᠠᠢ᠂ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ︶᠂ ᠲᠣᠰᠬᠤᠨ ᠭᠤᠷᠪᠠᠨ ᠱᠠᠲᠤᠨ ᠤ ᠬᠠᠮᠢᠶᠠᠷᠴᠤ ᠬᠠᠮᠠᠭᠠᠯᠠᠬᠤ ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠲᠣᠣᠷ ᠤᠨ ᠳᠣᠲᠣᠷᠠᠬᠢ ᠬᠠᠮᠢᠶᠠᠷᠤᠯᠲᠠ᢭ ᠲᠤ ᠣᠷᠣᠭᠤᠯᠬᠤ ᠬᠡᠷᠡᠭᠲᠡᠢ᠃   ︵ᠬᠤᠶᠠᠷ︶ ᠪᠠᠶᠢᠩᠭᠤᠵᠢᠭᠰᠠᠨ ᠲᠣᠭᠤᠷᠢᠨ ᠪᠠᠶᠢᠴᠠᠭᠠᠬᠤ ᠳᠦᠷᠢᠮ ᠢ ᠪᠠᠶᠢᠭᠤᠯᠤᠨ᠎ᠠ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠶᠢ ᠴᠢᠩᠭ᠎ᠠ ᠰᠠᠶᠢᠲᠤᠷ ᠬᠢᠵᠦ᠂ ᠲᠠᠷᠠᠬᠠᠢ ᠮᠠᠯᠵᠢᠵᠤ ᠬᠤᠯᠠᠭᠠᠶᠢᠯᠠᠨ ᠮᠠᠯᠵᠢᠬᠤ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠨᠢ ᠪᠠᠶᠢᠩᠭᠤᠵᠢᠭᠤᠯᠤᠭᠰᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠡᠯ᠎ᠡ ᠰᠢᠶᠠᠩ ᠪᠠᠯᠭᠠᠰᠤ᠂ ᠲᠠᠷᠢᠶᠠᠯᠠᠩ ᠤᠨ ᠲᠠᠯᠠᠪᠠᠢ᠂ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠩᠭᠤᠵᠢᠭᠤᠯᠤᠭᠰᠠᠨ ᠬᠢᠨᠠᠯᠲᠠ ᠪᠠᠶᠢᠴᠠᠭᠠᠯᠲᠠ ᠬᠢᠬᠦ ᠬᠡᠷᠡᠭᠲᠡᠢ᠃    ᠲᠠᠪᠤ᠂ ᠬᠠᠷᠢᠭᠤᠴᠠᠯᠭ᠎ᠠ ᠶᠢᠨ ᠭᠤᠣᠯ ᠴᠣᠭᠴᠠ    ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠪᠣᠳᠠᠲᠠᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠬᠡᠷᠡᠭᠲᠡᠢ᠃ ᠡᠯ᠎ᠡ ᠤᠯᠤᠰ ᠤᠨ ᠡᠵᠡᠩᠨᠡᠯᠲᠡ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠲᠣᠰ ᠡᠵᠡᠩᠨᠡᠯᠲᠡ ᠶᠢᠨ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ  ᠵᠤᠭᠰᠤᠭᠠᠬᠤ ᠪᠡᠯᠴᠢᠭᠡᠷ᠂ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠬᠤ ᠪᠠ  ᠪᠡᠯᠴᠢᠭᠡᠷ ᠢ ᠰᠡᠷᠭᠦᠭᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠵᠢᠭᠠᠨ ᠵᠢᠯᠤᠭᠤᠳᠬᠤ ᠵᠢᠴᠢ ᠪᠡᠯᠴᠢᠭᠡᠷᠯᠡᠭᠦᠯᠬᠦ ᠳᠤ ᠲᠣᠬᠢᠷᠠᠬᠤ ᠬᠡᠮᠵᠢᠶ᠎ᠡ ᠶᠢ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ᠃   ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ   ︵ᠨᠢᠭᠡ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠰᠢᠶᠠᠩ ᠪᠠᠯᠭᠠᠰᠤ ᠪᠣᠯᠣᠨ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠷᠬᠡᠪᠰᠢ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠲᠡᠭᠡᠨ ᠣᠷᠣᠭᠤᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠭᠲᠠ ᠪᠠᠶᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠪᠥᠬᠦ ᠵᠢᠯ ᠤᠨ ᠪᠥᠬᠦ ᠣᠷᠣᠨ ᠪᠦᠰᠡ ᠶᠢᠨ ᠪᠥᠬᠦ ᠮᠠᠯ ᠤᠨ ᠡᠭᠦᠯᠳᠡᠷ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠤᠬᠠᠭᠤᠯᠭ᠎ᠠ ᠶᠢ ᠦᠨᠡᠨᠬᠦ ᠴᠢᠩᠭᠠᠳᠬᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠳᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠠᠵᠢᠯ ᠤᠨ ᠤᠷᠤᠭᠰᠢᠲᠠᠢ ᠶᠠᠪᠤᠭᠳᠠᠬᠤ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃    ︵ᠬᠤᠶᠠᠷ︶ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢ ᠴᠢᠩᠭᠠᠳᠬᠠᠨ᠎ᠠ᠃ ᠥᠷᠭᠡᠨ ᠤᠯᠠᠨ ᠮᠠᠯᠵᠢᠬᠤ ᠲᠠᠷᠢᠶᠠᠯᠠᠬᠤ ᠡᠷᠦᠬᠡ᠂ ᠲᠡᠵᠢᠭᠡᠨ ᠦᠷᠡᠵᠢᠭᠦᠯᠬᠦ ᠡᠷᠦᠬᠡ ᠨᠦᠭᠦᠳ ᠲᠤᠰ ᠪᠡᠶ᠎ᠡ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠦᠨᠳᠦᠰᠦᠯᠡᠨ᠂ ᠨᠣᠭᠤᠭᠠᠨ ᠳᠠᠷᠤᠰᠢ᠂ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ ᠲᠠᠯᠠᠪᠠᠢ ᠪᠠᠨ ᠵᠦᠢ ᠵᠣᠬᠢᠰᠲᠠᠢ ᠲᠥᠯᠥᠪᠵᠢᠭᠦᠯᠵᠦ᠂ ᠲᠡᠵᠢᠭᠡᠯ ᠡᠪᠡᠰᠦ ᠨᠥᠭᠡᠴᠡᠯᠡᠬᠦ ᠪᠠᠨ ᠴᠢᠩᠭᠠᠳᠬᠠᠵᠤ᠂ ᠠᠮᠤ ᠪᠤᠳᠠᠭ᠎ᠠ ᠪᠠᠨ ᠭᠦᠢᠴᠡᠳ ᠦᠯᠡᠳᠡᠭᠡᠵᠦ᠂ ᠲᠡᠵᠢᠭᠡᠯ ᠡᠪᠡᠰᠦ ᠪᠠᠨ ᠭᠦᠢᠴᠡᠳ ᠬᠠᠳᠠᠭᠠᠯᠠᠬᠤ ᠬᠡᠷᠡᠭᠲᠡᠢ᠃    ︵ᠭᠤᠷᠪᠠ︶ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠨ᠎ᠠ᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠴᠥᠮ ᠪᠥᠬᠦ ᠵᠢᠯ ᠤᠨ ᠪᠥᠬᠦ ᠣᠷᠣᠨ ᠪᠦᠰᠡ ᠶᠢᠨ ᠪᠥᠬᠦ ᠮᠠᠯ ᠤᠨ ᠡᠭᠦᠯᠳᠡᠷ ᠤᠨ ᠪᠡᠯᠴᠢᠭᠡᠷᠯᠡᠭᠦᠯᠬᠦ ᠶᠢ ᠵᠤᠭᠰᠤᠬᠭᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠳᠤ ᠢᠳᠡᠪᠬᠢᠲᠡᠢ ᠣᠷᠣᠯᠴᠠᠨ ᠳᠡᠮᠵᠢᠵᠦ᠂ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠲᠡᠭᠦᠨ ᠢ ᠢᠯᠡᠴᠢᠯᠡᠨ ᠮᠡᠳᠡᠭᠦᠯᠬᠦ ᠡᠷᠬᠡ ᠲᠠᠢ᠃                                     2023 ᠣᠨ ᠤ 3 ᠰᠠᠷ᠎ᠠ ᠶᠢᠨ 7 ᠤ ᠡᠳᠦᠷ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号