ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠪᠠ ᠨᠡᠭᠦᠳᠡᠯ ᠠᠷᠠᠳ ᠢ ᠲᠤᠪᠬᠢᠨᠡᠭᠦᠯᠬᠦ 2023 ᠣᠨ ᠤ ᠠᠵᠢᠯ ᠤᠨ ᠲᠥᠯᠥᠪᠯᠡᠭᠡ ︵ᠬᠢᠩᠭᠠᠨ ᠠᠶᠢᠮᠠᠭ ᠤᠨ ᠬᠡᠰᠡᠭ ︶︾ ᠶᠢᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/4/10
   ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ︹ 2022 ︺ 67 ᠳ᠋ᠤᠭᠠᠷ ᠲᠣᠭᠠᠲᠤ ᠤᠯᠠᠭᠠᠨᠬᠤᠲᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠳᠤ᠄    ᠡᠳᠦᠭᠡ ︽ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠥᠭᠬᠦ ᠪᠠ ᠨᠡᠭᠦᠳᠡᠯ ᠠᠷᠠᠳ ᠢ ᠲᠥᠪᠬᠢᠨᠡᠭᠦᠯᠬᠦ ︵ᠬᠢᠩᠭᠠᠨ ᠠᠶᠢᠮᠠᠭ ᠤᠨ ᠬᠡᠰᠡᠭ ︶ ᠶᠢᠨ 2023 ᠣᠨ ᠤ ᠠᠵᠢᠯ ᠤᠨ ᠲᠥᠯᠥᠪᠯᠡᠭᠡ ︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                               2022 ᠣᠨ ᠤ 12 ᠰᠠᠷ᠎ᠠ ᠶᠢᠨ 15                        ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ ︶    ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠥᠭᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ︵ᠬᠢᠩᠭᠠᠨ ᠠᠶᠢᠮᠠᠭ ᠤᠨ ᠬᠡᠰᠡᠭ ︶ 2023 ᠣᠨ ᠤ ᠠᠵᠢᠯ ᠤᠨ ᠲᠥᠯᠥᠪᠯᠡᠭᠡ    ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠲᠠᠲᠠᠪᠤᠷᠢᠯᠠᠭᠰᠠᠨ ᠲᠥᠯᠥᠪᠦᠷᠢ ᠪᠠ ᠨᠡᠭᠦᠳᠡᠯ ᠠᠷᠠᠳ ᠢ ᠲᠥᠪᠬᠢᠨᠡᠭᠦᠯᠬᠦ ᠲᠦᠷᠢᠮ ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 679 ᠳ᠋ᠤᠭᠡᠷ ᠲᠣᠭᠠᠲᠤ ᠵᠠᠷᠯᠢᠭ ︶᠂ ︽ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠪᠠᠷᠢᠯᠭ᠎ᠠ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢᠨ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠣᠭᠲᠠᠭᠠᠯ ᠤᠨ ᠪᠢᠴᠢᠭ ︾ ︵ᠤᠰᠤᠨ ᠤ ᠵᠥᠪᠰᠢᠶᠡᠷᠡᠯ ᠤᠨ ᠰᠢᠢᠳᠪᠦᠷᠢ ︹ 2017 ︺ 38 ᠳ᠋ᠤᠭᠠᠷ ᠲᠣᠭᠠᠲᠤ ︶ ᠢ ᠦᠨᠳᠦᠰᠦᠯᠡᠪᠡᠯ᠂ ︽ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠦᠭᠬᠦ ᠬᠢᠭᠡᠳ ᠨᠡᠭᠦᠳᠡᠯ ᠠᠷᠠᠳ ᠢ ᠲᠥᠪᠬᠢᠨᠡᠭᠦᠯᠬᠦ 2023 ᠣᠨ ᠤ ᠠᠵᠢᠯ ᠤᠨ ᠲᠥᠯᠥᠪᠯᠡᠭᠡ ᠶᠢᠨ ᠰᠠᠨᠠᠭᠤᠯᠭ᠎ᠠ ᠶᠢᠨ ᠲᠤᠬᠠᠶ ᠵᠢᠭᠠᠪᠤᠷᠢ ᠠᠪᠬᠤ ᠮᠡᠳᠡᠭᠦᠯᠦᠯᠲᠡ ︾ ︵ᠥᠪᠥᠷ ᠮᠣᠩᠭᠤᠯ ᠴᠤᠤᠯ ᠥᠰᠦᠭᠲᠦ ︹ 2022 ︺ 107 ᠳ᠋ᠤᠭᠠᠷ ᠲᠣᠭᠠᠲᠤ ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠦᠭᠬᠦ ᠬᠢᠭᠡᠳ ᠨᠡᠭᠦᠳᠡᠯ ᠠᠷᠠᠳ ᠢ ᠲᠥᠪᠬᠢᠨᠡᠭᠦᠯᠬᠦ ᠬᠢᠩᠭᠠᠨ ᠠᠶᠢᠮᠠᠭ ᠤᠨ ᠬᠡᠰᠡᠭ ᠤᠨ 2023 ᠣᠨ ᠤ ᠠᠵᠢᠯ ᠤᠨ ᠲᠥᠯᠥᠪᠯᠡᠭᠡ ᠶᠢ ᠳᠣᠤᠷᠠᠬᠢ ᠮᠡᠲᠦ ᠳᠣᠭᠢᠷᠠᠭᠤᠯᠪᠠ᠄ ᠨᠢᠭᠡ᠂ ᠭᠦᠢᠰᠦ ᠣᠷᠣᠨ ᠵᠢᠴᠢ ᠤᠰᠤᠨ ᠳᠤ ᠵᠢᠪᠦᠭᠰᠡᠨ ᠣᠷᠣᠨ ︵ᠵᠠᠯᠠᠶᠢᠳ ᠬᠤᠰᠢᠭᠤᠨ ᠳᠤ ᠬᠤᠯᠪᠣᠭᠳᠠᠨ᠎ᠠ ︶   ︵ᠨᠢᠭᠡ ︶ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠠᠵᠢᠯ    1. 2023 ᠣᠨ ᠤ 5 ᠰᠠᠷ᠎ᠠ ᠶᠢᠨ 30 ᠤ ᠡᠳᠦᠷ ᠠᠴᠠ ᠡᠮᠦᠨ᠎ᠡ ᠵᠠᠩᠭᠢᠯᠠᠭ᠎ᠠ ᠶᠢᠨ ᠣᠷᠣᠨ ᠪᠠ ᠴᠥᠭᠦᠷᠥᠮ ᠤᠨ ᠤᠰᠤᠨ ᠳᠤ ᠠᠪᠲᠠᠭᠳᠠᠭᠰᠠᠨ ᠣᠷᠣᠨ ᠤ ᠭᠠᠵᠠᠷ ᠰᠢᠷᠣᠶ ᠶᠢ ᠲᠠᠲᠠᠪᠤᠷᠢᠯᠠᠭᠰᠠᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠵᠢᠯ ᠢ ᠳᠠᠭᠤᠰᠬᠠᠨ᠎ᠠ᠃    2. 2023 ᠣᠨ ᠤ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠠᠯᠠ ᠮᠥᠩᠭᠦ᠂ ᠲᠠᠩᠰᠠ ᠡᠪᠬᠡᠮᠡᠯ ᠵᠡᠷᠭᠡ ᠮᠠᠲ᠋ᠧᠷᠢᠶᠠᠯ ᠢ ᠴᠤᠭᠯᠠᠭᠤᠯᠤᠨ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠳᠠᠭᠤᠰᠬᠠᠵᠤ᠂ ᠪᠠᠯᠠ ᠮᠥᠩᠭᠦ ᠶᠢᠨ ᠲᠥᠰᠦᠪ ᠤᠨ ᠭᠦᠢᠴᠡᠳᠭᠡᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃   ︵ᠬᠤᠶᠠᠷ ︶ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ    1. ᠲᠠᠷᠢᠶᠠᠯᠠᠬᠤ ᠮᠠᠯᠵᠢᠬᠤ ᠣᠷᠣᠨ ᠤ ᠠᠷᠠᠳ ᠢ ᠨᠡᠭᠦᠯᠭᠡᠬᠦ ᠦᠢᠯᠡᠳᠪᠦᠷᠢᠯᠡᠯ ᠤᠨ ᠮᠡᠷᠭᠡᠵᠢᠯ ᠤᠨ ᠴᠢᠳᠠᠪᠤᠷᠢ᠂ ᠰᠣᠶᠣᠯ ᠤᠨ ᠬᠢᠷᠢ ᠬᠡᠮᠵᠢᠶ᠎ᠡ ᠵᠡᠷᠭᠡ ᠲᠠᠯ᠎ᠠ ᠪᠠᠷ ᠪᠣᠯᠪᠠᠰᠤᠷᠠᠭᠤᠯᠤᠯ ᠬᠢᠬᠦ ᠬᠡᠷᠡᠭᠲᠡᠶ᠃    2. 2023 ᠣᠨ ᠤ 9 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠰᠢᠨ᠎ᠡ ᠪᠠᠷ ᠪᠠᠶᠢᠭᠤᠯᠤᠭᠰᠠᠨ ᠴᠤᠭᠯᠠᠭ᠎ᠠ ᠪᠠᠯᠭᠠᠰᠤ᠂ ᠰᠠᠭᠤᠭᠠᠯᠢ ᠠᠷᠠᠳ ᠢ ᠲᠥᠪᠬᠢᠨᠡᠭᠦᠯᠬᠦ ᠴᠡᠭ ᠵᠢᠴᠢ ᠦᠢᠯᠡᠳᠪᠦᠷᠢᠯᠡᠵᠦ ᠲᠡᠵᠢᠭᠡᠨ ᠦᠷᠡᠵᠢᠭᠦᠯᠬᠦ ᠲᠣᠭᠤᠷᠢᠭ ᠤᠨ ᠰᠡᠭᠦᠯ ᠬᠤᠷᠢᠶᠠᠬᠤ ᠠᠵᠢᠯ ᠢ ᠳᠠᠭᠤᠰᠬᠠᠬᠤ ᠶᠢᠨ ᠬᠠᠮᠲᠤ ᠬᠠᠮᠢᠶ᠎ᠠ ᠪᠥᠬᠦᠶ ᠲᠤᠰᠬᠠᠶ ᠲᠥᠷᠥᠯ ᠤᠨ ᠢᠨᠵᠧᠨᠧᠷᠢᠩ ᠢ ᠰᠢᠯᠭᠠᠨ ᠠᠪᠬᠤ ᠠᠵᠢᠯ ᠢ ᠳᠠᠭᠤᠰᠬᠠᠨ᠎ᠠ᠃ 3. 2023 ᠣᠨ ᠤ 11 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠪᠠᠯᠠ ᠮᠥᠩᠭᠦ᠂ ᠲᠠᠩᠰᠠ ᠡᠪᠬᠡᠮᠡᠯ ᠵᠡᠷᠭᠡ ᠮᠠᠲ᠋ᠧᠷᠢᠶᠠᠯ ᠢ ᠴᠤᠭᠯᠠᠭᠤᠯᠤᠨ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠳᠠᠭᠤᠰᠬᠠᠵᠤ᠂ ᠪᠠᠯᠠ ᠮᠥᠩᠭᠦ ᠶᠢᠨ ᠲᠥᠰᠦᠪ ᠤᠨ ᠭᠦᠢᠴᠡᠳᠭᠡᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃ᠬᠤᠶᠠᠷ᠂ ᠤᠰᠤ ᠳᠠᠮᠵᠢᠭᠤᠯᠬᠤ ᠨᠦᠬᠡᠨ ᠵᠠᠮ ᠤᠨ ᠣᠷᠣᠨ ︵ᠵᠠᠯᠠᠶᠢᠳ ᠬᠤᠰᠢᠭᠤ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ ᠳᠤ ᠬᠤᠯᠪᠣᠭᠳᠠᠨ᠎ᠠ ︶ ︵ᠨᠢᠭᠡ ︶ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠨᠦᠬᠡᠨ ᠵᠠᠮ ᠤᠨ ᠬᠡᠰᠡᠭ ᠤᠨ ᠬᠡᠰᠡᠭ ᠲᠦᠷ ᠬᠡᠷᠡᠭᠯᠡᠬᠦ ᠭᠠᠵᠠᠷ ᠤᠨ ᠬᠡᠷᠡᠭᠯᠡᠬᠦ ᠬᠤᠭᠤᠴᠠᠭ᠎ᠠ ᠨᠢ ᠬᠤᠭᠤᠴᠠᠭ᠎ᠠ ᠲᠤᠯᠪᠠ᠃ ᠪᠠᠷᠢᠯᠭ᠎ᠠ ᠶᠢᠨ ᠠᠵᠢᠯ ᠤᠨ ᠬᠤᠭᠤᠴᠠᠭᠠᠨ ᠤ ᠱᠠᠭᠠᠷᠳᠠᠯᠭ᠎ᠠ ᠶᠢ ᠦᠨᠳᠦᠰᠦᠯᠡᠨ᠂ ᠦᠷᠭᠦᠯᠵᠢᠯᠡᠨ ᠲᠠᠲᠠᠪᠤᠷᠢᠯᠠᠬᠤ ᠴᠢᠬᠤᠯᠠᠲᠠᠶ᠃ ᠦᠷᠭᠦᠯᠵᠢᠯᠡᠨ ᠲᠠᠲᠠᠪᠤᠷᠢᠯᠠᠬᠤ ᠲᠠᠯᠠᠪᠠᠶ ᠨᠢ 1411 ᠮᠥ ᠪᠠᠶᠢᠵᠤ᠂ ᠦᠷᠭᠦᠯᠵᠢᠯᠡᠨ ᠲᠠᠲᠠᠪᠤᠷᠢᠯᠠᠬᠤ ᠵᠢᠯ ᠬᠤᠭᠤᠴᠠᠭ᠎ᠠ ᠨᠢ 1 — 3 ᠵᠢᠯ ᠠᠳᠠᠯᠢ ᠪᠤᠰᠤ ᠪᠠᠶᠢᠳᠠᠭ᠃ ᠪᠣᠳᠠᠲᠠᠶ ᠪᠠᠷ ᠬᠡᠯᠡᠪᠡᠯ ᠳᠣᠣᠷᠠᠬᠢ ᠮᠡᠲᠦ᠄  ﹈     1. ᠲᠦᠴᠢᠦᠸᠠᠨ ᠰᠢᠶᠠᠨ᠃ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠨᠦᠬᠡᠨ ᠵᠠᠮ ᠤᠨ ᠲᠣᠭᠤᠷᠢᠭ ᠤᠨ ᠲᠦᠷ ᠬᠡᠷᠡᠭᠯᠡᠬᠦ ᠭᠠᠵᠠᠷ ᠨᠢ ᠲᠦᠴᠢᠦᠸᠠᠨ ᠰᠢᠶᠠᠨ ᠤ ᠬᠢᠵᠠᠭᠠᠷ ᠲᠠᠬᠢ ᠶᠦᠩ ᠠᠨ ᠪᠠᠯᠭᠠᠰᠤ᠂ ᠵᠡᠭᠦᠨ ᠲᠦᠷᠦᠯᠵᠢ ᠪᠠᠯᠭᠠᠰᠤ᠂ ᠲᠦᠴᠢᠦᠸᠠᠨ ᠪᠠᠯᠭᠠᠰᠤ᠂ ᠱᠦᠢ ᠴᠢᠤᠸᠠᠨ ᠪᠠᠯᠭᠠᠰᠤ᠂ ᠲᠠᠢ ᠫᠢᠩ ᠰᠢᠶᠠᠩ ᠳᠤ ᠬᠤᠯᠪᠣᠭᠳᠠᠨ᠎ᠠ᠂ ᠲᠡᠭᠦᠨ ᠤ ᠴᠢᠳᠠᠮᠵᠢ ᠨᠢ ᠪᠠᠷᠢᠯᠭ᠎ᠠ ᠶᠢᠨ ᠲᠦᠷ ᠪᠠᠶᠢᠭᠤᠯᠬᠤ ᠲᠣᠭᠤᠷᠢᠭ᠂ ᠰᠢᠭᠠᠷᠤ ᠬᠠᠶᠠᠬᠤ ᠲᠠᠯᠠᠪᠤᠷ᠂ ᠭᠤᠤᠷᠰᠤᠨ ᠰᠣᠷᠣᠭᠤᠯ᠂ ᠲᠦᠷ ᠴᠠᠭ ᠤᠨ ᠵᠠᠮ ᠵᠡᠷᠭᠡ ᠳᠤ ᠬᠤᠯᠪᠣᠭᠳᠠᠨ᠎ᠠ᠂ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠨᠥᠬᠦᠪᠥᠷᠢ ᠥᠭᠬᠦ ᠬᠡᠯᠡᠯᠴᠡᠭᠡᠷ ᠤᠨ ᠬᠤᠭᠤᠴᠠᠭ᠎ᠠ ᠨᠢ 2022 ᠣᠨ ᠤ 12 ᠰᠠᠷ᠎ᠠ ᠶᠢᠨ 31 ᠤ ᠡᠳᠦᠷ ᠪᠣᠯᠤᠨ᠎ᠠ᠃ ᠪᠠᠷᠢᠯᠭ᠎ᠠ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠶᠢ ᠦᠨᠳᠦᠰᠦᠯᠡᠨ᠂ ᠬᠡᠰᠡᠭ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠴᠢᠬᠤᠯᠠᠲᠠᠶ᠂ 2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠯᠪᠣᠭᠳᠠᠭᠰᠠᠨ 469 ᠮᠥ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠠᠵᠢᠯ ᠢ ᠳᠠᠭᠤᠰᠬᠠᠬᠤ ᠬᠡᠷᠡᠭᠲᠡᠶ᠂ ᠦᠷᠭᠦᠯᠵᠢᠯᠡᠨ ᠲᠠᠲᠠᠪᠤᠷᠢᠯᠠᠬᠤ ᠵᠢᠯ ᠬᠤᠭᠤᠴᠠᠭ᠎ᠠ ᠶᠢ 1 — 3 ᠵᠢᠯ ᠠᠳᠠᠯᠢ ᠪᠤᠰᠤ ᠪᠠᠶᠢᠯᠭᠠᠨ᠎ᠠ᠂ ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠶ᠃     2. ᠵᠠᠯᠠᠶᠢᠳ ᠬᠤᠰᠢᠭᠤ᠃ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠨᠦᠬᠡᠨ ᠵᠠᠮ ᠤᠨ ᠲᠣᠭᠤᠷᠢᠭ ᠲᠤ ᠲᠦᠷ ᠬᠡᠷᠡᠭᠯᠡᠬᠦ ᠭᠠᠵᠠᠷ ᠨᠢ ᠵᠠᠯᠠᠶᠢᠳ ᠬᠤᠰᠢᠭᠤᠨ ᠤ ᠬᠢᠵᠠᠭᠠᠷ ᠲᠠᠬᠢ ᠠᠯᠳᠠᠷ ᠰᠤᠮᠤ᠂ ᠬᠦᠷᠡᠯ ᠪᠠᠯᠭᠠᠰᠤ ᠪᠣᠯᠤᠨ ᠪᠤᠯᠠᠭᠠᠨᠬᠤᠸᠠ ᠰᠤᠮᠤ ᠳᠤ ᠬᠤᠯᠪᠣᠭᠳᠠᠨ᠎ᠠ ᠂ ᠲᠡᠭᠦᠨ ᠤ ᠴᠢᠳᠠᠮᠵᠢ ᠨᠢ ᠪᠠᠷᠢᠯᠭ᠎ᠠ ᠶᠢᠨ ᠲᠦᠷ ᠴᠠᠭ ᠤᠨ ᠲᠣᠭᠤᠷᠢᠭ᠂ ᠬᠠᠶᠠᠭᠳᠠᠮᠠᠯ ᠤᠰᠤ ᠶᠢ ᠰᠢᠢᠳᠪᠦᠷᠢᠯᠡᠬᠦ ᠰᠢᠰᠲ᠋ᠧᠮ᠂ ᠶᠠᠰᠤᠨ ᠮᠠᠲ᠋ᠧᠷᠢᠶᠠᠯ ᠡᠳ᠋ᠰᠢᠭᠦᠯᠬᠦ ᠰᠢᠰᠲ᠋ᠧᠮ᠂ ᠲᠦᠷ ᠴᠠᠭ ᠤᠨ ᠵᠠᠮ ᠵᠡᠷᠭᠡ ᠪᠣᠯᠤᠨ᠎ᠠ᠂ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠨᠥᠬᠦᠪᠥᠷᠢ ᠥᠭᠬᠦ ᠬᠡᠯᠡᠯᠴᠡᠭᠡᠷ ᠤᠨ ᠬᠤᠭᠤᠴᠠᠭ᠎ᠠ ᠨᠢ 2023 ᠣᠨ ᠤ 6 ᠰᠠᠷ᠎ᠠ ᠪᠣᠯᠤᠨ᠎ᠠ᠃ ᠪᠠᠷᠢᠯᠭ᠎ᠠ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠶᠢ ᠦᠨᠳᠦᠰᠦᠯᠡᠨ᠂ ᠬᠡᠰᠡᠭ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠴᠢᠬᠤᠯᠠᠲᠠᠶ᠂ 2023 ᠣᠨ ᠤ 5 ᠰᠠᠷ᠎ᠠ ᠠᠴᠠ ᠡᠮᠦᠨ᠎ᠡ ᠬᠤᠯᠪᠣᠭᠳᠠᠭᠰᠠᠨ ᠪᠠᠷᠤᠭ 311 ᠮᠥ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠠᠵᠢᠯ ᠢ ᠳᠠᠭᠤᠰᠬᠠᠬᠤ ᠬᠡᠷᠡᠭᠲᠡᠶ᠂ ᠦᠷᠭᠦᠯᠵᠢᠯᠡᠨ ᠲᠠᠲᠠᠪᠤᠷᠢᠯᠠᠬᠤ ᠵᠢᠯ ᠬᠤᠭᠤᠴᠠᠭ᠎ᠠ ᠨᠢ 1 — 3 ᠵᠢᠯ ᠠᠳᠠᠯᠢ ᠥᠬᠡᠶ᠂ ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠶ᠃     3. ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠃ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠨᠦᠬᠡᠨ ᠵᠠᠮ ᠤᠨ ᠲᠣᠭᠤᠷᠢᠭ ᠤᠨ ᠲᠦᠷ ᠬᠡᠷᠡᠭᠯᠡᠬᠦ ᠭᠠᠵᠠᠷ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠯᠢ ᠳᠣᠲᠣᠷᠠᠬᠢ ᠴᠠᠷᠠᠰᠤᠨ ᠪᠠᠯᠭᠠᠰᠤ᠂ ᠬᠤᠷᠴᠢᠨ ᠪᠠᠯᠭᠠᠰᠤ᠂ ᠨᠡᠳᠦᠭᠡᠷ ᠪᠠᠯᠭᠠᠰᠤ ᠲᠠᠢ ᠬᠤᠯᠪᠣᠭᠳᠠᠵᠤ᠂ ᠲᠡᠭᠦᠨ ᠤ ᠴᠢᠳᠠᠮᠵᠢ ᠨᠢ ᠪᠠᠷᠢᠯᠭ᠎ᠠ ᠶᠢᠨ ᠲᠦᠷ ᠴᠠᠭ ᠤᠨ ᠲᠣᠭᠤᠷᠢᠭ᠂ ᠰᠢᠭᠠᠷᠤ ᠬᠠᠶᠠᠬᠤ ᠲᠠᠯᠠᠪᠤᠷ᠂ ᠭᠤᠤᠷᠰᠤᠨ ᠰᠣᠷᠣᠭᠤᠯ᠂ ᠲᠦᠷ ᠴᠠᠭ ᠤᠨ ᠵᠠᠮ ᠵᠡᠷᠭᠡ ᠪᠣᠯᠤᠨ᠎ᠠ᠂ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠨᠥᠬᠦᠪᠥᠷᠢ ᠥᠭᠬᠦ ᠬᠡᠯᠡᠯᠴᠡᠭᠡᠷ ᠤᠨ ᠬᠤᠭᠤᠴᠠᠭ᠎ᠠ ᠨᠢ 2023 ᠣᠨ ᠤ 8 ᠰᠠᠷ᠎ᠠ ᠠᠴᠠ 10 ᠰᠠᠷ᠎ᠠ ᠪᠣᠯᠤᠨ᠎ᠠ᠃ ᠪᠠᠷᠢᠯᠭ᠎ᠠ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠶᠢ ᠦᠨᠳᠦᠰᠦᠯᠡᠨ᠂ ᠬᠡᠰᠡᠭ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠴᠢᠬᠤᠯᠠᠲᠠᠶ᠂ 2023 ᠣᠨ ᠤ 8 ᠰᠠᠷ᠎ᠠ ᠠᠴᠠ ᠡᠮᠦᠨ᠎ᠡ 633 ᠮᠥ ᠲᠦᠷ ᠬᠡᠷᠡᠭᠯᠡᠬᠦ ᠭᠠᠵᠠᠷ ᠰᠢᠷᠣᠶ ᠶᠢ ᠦᠷᠭᠦᠯᠵᠢᠯᠡᠨ ᠲᠠᠲᠠᠪᠤᠷᠢᠯᠠᠬᠤ ᠠᠵᠢᠯ ᠢ ᠪᠡᠶᠡᠯᠡᠭᠦᠯᠬᠦ ᠬᠡᠷᠡᠭᠲᠡᠶ᠂ ᠡᠭᠦᠨ ᠳᠤ᠄ ᠴᠠᠷᠠᠰᠤᠨ ᠪᠠᠯᠭᠠᠰᠤᠨ ᠳᠤ ᠬᠤᠯᠪᠣᠭᠳᠠᠬᠤ ᠲᠦᠷ ᠬᠡᠷᠡᠭᠯᠡᠬᠦ ᠭᠠᠵᠠᠷ ᠰᠢᠷᠣᠶ ᠶᠢ 1 ᠵᠢᠯ ᠦᠷᠭᠦᠯᠵᠢᠯᠡᠨ ᠲᠠᠲᠠᠪᠤᠷᠢᠯᠠᠬᠤ ᠪᠠᠷ ᠲᠦᠷ ᠲᠣᠭᠲᠠᠭᠠᠵᠤ᠂ ᠬᠤᠷᠴᠢᠨ ᠪᠠᠯᠭᠠᠰᠤᠨ ᠤ ᠦᠷᠭᠦᠯᠵᠢᠯᠡᠨ ᠲᠠᠲᠠᠪᠤᠷᠢᠯᠠᠬᠤ ᠵᠢᠯ ᠬᠤᠭᠤᠴᠠᠭ᠎ᠠ ᠶᠢ 1 — 2 ᠵᠢᠯ ᠠᠳᠠᠯᠢ ᠪᠤᠰᠤ ᠪᠠᠶᠢᠯᠭᠠᠨ᠎ᠠ᠂ ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠶ᠃   ︵ᠬᠤᠶᠠᠷ ︶ 2023 ᠣᠨ ᠤ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠠᠯᠠ ᠮᠥᠩᠭᠦ᠂ ᠲᠠᠩᠰᠠ ᠡᠪᠬᠡᠮᠡᠯ ᠵᠡᠷᠭᠡ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ ᠠᠵᠢᠯ ᠢ ᠳᠠᠭᠤᠰᠬᠠᠵᠤ᠂ ᠪᠠᠯᠠ ᠮᠥᠩᠭᠦᠨ ᠤ ᠲᠥᠰᠦᠪ ᠤᠨ ᠭᠦᠢᠴᠡᠳᠭᠡᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃ ᠭᠤᠷᠪᠠ᠂ ᠤᠰᠤ ᠳᠠᠮᠵᠢᠭᠤᠯᠬᠤ ᠬᠤᠭᠤᠯᠠᠶ ᠶᠢᠨ ᠣᠷᠣᠨ ︵ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠳᠤ ᠬᠤᠯᠪᠣᠭᠳᠠᠨ᠎ᠠ ︶   ︵ᠨᠢᠭᠡ ︶ 2023 ᠣᠨ ᠤ 3 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠰᠢᠨ᠎ᠡ ᠪᠠᠷ ᠨᠡᠮᠡᠭᠳᠡᠭᠰᠡᠨ ᠡᠭᠦᠷᠢᠳᠡ ᠬᠡᠷᠡᠭᠯᠡᠬᠦ ᠭᠠᠵᠠᠷ ᠰᠢᠷᠣᠶ ᠶᠢ ᠲᠠᠲᠠᠪᠤᠷᠢᠯᠠᠬᠤ᠂ ᠨᠥᠬᠦᠪᠥᠷᠢᠯᠡᠬᠦ ᠵᠢᠴᠢ ᠰᠣᠯᠢᠵᠤ ᠥᠭᠬᠦ ᠠᠵᠢᠯ ᠢ ᠪᠡᠶᠡᠯᠡᠭᠦᠯᠦᠨ᠎ᠡ᠃    ︵ᠬᠤᠶᠠᠷ ︶ 2023 ᠣᠨ ᠤ 8 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠣᠶ ᠪᠥᠬᠦᠶ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠵᠢᠯ ᠢ ᠳᠠᠭᠤᠰᠬᠠᠨ᠎ᠠ᠃   ︵ᠭᠤᠷᠪᠠ ︶ 2023 ᠣᠨ ᠤ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠠᠯᠠ ᠮᠥᠩᠭᠦ᠂ ᠲᠠᠩᠰᠠ ᠡᠪᠬᠡᠮᠡᠯ ᠵᠡᠷᠭᠡ ᠮᠠᠲ᠋ᠧᠷᠢᠶᠠᠯ ᠢ ᠴᠤᠭᠯᠠᠭᠤᠯᠤᠨ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠳᠠᠭᠤᠰᠬᠠᠵᠤ᠂ ᠪᠠᠯᠠ ᠮᠥᠩᠭᠦ ᠶᠢᠨ ᠲᠥᠰᠦᠪ ᠤᠨ ᠭᠦᠢᠴᠡᠳᠭᠡᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃ ᠳᠥᠷᠪᠡ᠂ ᠪᠤᠰᠤᠳ ᠠᠵᠢᠯ ︵ᠵᠠᠯᠠᠶᠢᠳ ᠬᠤᠰᠢᠭᠤ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠳᠤ ᠬᠤᠯᠪᠣᠭᠳᠠᠨ᠎ᠠ ︶   ︵ᠨᠢᠭᠡ ︶ ᠲᠦᠷ ᠬᠡᠷᠡᠭᠯᠡᠬᠦ ᠭᠠᠵᠠᠷ ᠢ ᠦᠷᠭᠦᠯᠵᠢᠯᠡᠨ ᠲᠠᠲᠠᠪᠤᠷᠢᠯᠠᠬᠤ ᠳᠤ ᠬᠡᠷᠡᠭᠰᠡᠬᠦ ᠪᠠᠯᠠ ᠮᠥᠩᠭᠦ ᠶᠢ ᠡᠯ᠎ᠡ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠶᠢᠨ ᠭᠠᠵᠠᠷ ᠲᠠᠲᠠᠪᠤᠷᠢᠯᠠᠯᠲᠠ ᠶᠢᠨ ᠲᠥᠯᠥᠪᠦᠷᠢ ᠶᠢ ᠬᠡᠷᠡᠭᠵᠢᠭᠦᠯᠬᠦ ᠶᠠᠪᠤᠴᠠ ᠳᠠᠬᠢ ᠦᠯᠡᠳᠡᠪᠦᠷᠢ ᠪᠠᠯᠠ ᠮᠥᠩᠭᠦ ᠪᠤᠶᠤ ᠪᠣᠶ ᠪᠣᠯᠤᠭᠰᠠᠨ ᠦᠷᠡᠵᠢᠯ ᠬᠦᠤ ᠶᠢ ᠤᠷᠢᠳᠠᠪᠠᠷ ᠬᠡᠷᠡᠭᠯᠡᠵᠦ᠂ ᠬᠡᠷᠪᠡ ᠬᠡᠷᠡᠭᠯᠡᠬᠦ ᠪᠠᠯᠠ ᠮᠥᠩᠭᠦ ᠥᠬᠡᠶ ᠪᠣᠯᠤᠭᠰᠠᠨ ᠪᠠᠶᠢᠪᠠᠯ᠂ ᠴᠠᠭ ᠲᠤᠬᠠᠶ ᠳᠤᠨᠢ ᠬᠡᠷᠡᠭᠴᠡᠭᠡ ᠶᠣᠰᠣᠭᠠᠷ ᠪᠠᠯᠠ ᠮᠥᠩᠭᠦ ᠭᠤᠶᠤᠴᠢᠯᠠᠨ᠎ᠠ᠃   ︵ᠬᠤᠶᠠᠷ ︶ ᠰᠢᠨ᠎ᠡ ᠪᠠᠷ ᠨᠡᠮᠡᠭᠳᠡᠭᠰᠡᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠥᠬᠦᠪᠥᠷᠢ ᠳᠤ ᠬᠤᠯᠪᠣᠭᠳᠠᠪᠠᠯ᠂ ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠲᠠᠲᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 16 ᠳ᠋ᠤᠭᠠᠷ ᠲᠣᠭᠠᠲᠤ ︶ ᠤᠨ ᠶᠣᠰᠣᠭᠠᠷ ᠬᠡᠷᠡᠭᠵᠢᠭᠦᠯᠦᠨ᠎ᠡ᠃    ︵ᠭᠤᠷᠪᠠ ︶ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠺᠣᠮᠫᠠᠨᠢ ᠶᠢ ᠬᠠᠮᠵᠢᠨ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠶᠢ ᠰᠢᠯᠭᠠᠨ ᠠᠪᠬᠤ ᠵᠡᠷᠭᠡ ᠠᠵᠢᠯ ᠢ ᠰᠠᠶᠢᠲᠤᠷ ᠬᠢᠨ᠎ᠠ᠃     ︵ᠳᠥᠷᠪᠡ ︶ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠨᠢᠭᠡᠨᠲᠡ ᠪᠠᠶᠢᠭᠤᠯᠵᠤ ᠳᠠᠭᠤᠰᠬᠠᠭᠠᠳ ᠂ ᠡᠯ᠎ᠡ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ 2023 ᠣᠨ ᠤ 7 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠺᠣᠮᠫᠠᠨᠢ ᠲᠠᠢ ᠬᠠᠮᠵᠢᠯᠴᠠᠨ ᠠᠷᠠᠳ ᠢ ᠨᠡᠭᠦᠯᠭᠡᠬᠦ ᠮᠡᠳᠡᠭᠡ ᠵᠠᠩᠭᠢ᠂ ᠡᠷᠦᠬᠡ ᠬᠤᠪᠢᠶᠠᠨ ᠭᠠᠵᠠᠷ ᠰᠢᠷᠣᠶ ᠲᠠᠲᠠᠪᠤᠷᠢᠯᠠᠭᠰᠠᠨ ᠮᠡᠳᠡᠭᠡ ᠵᠠᠩᠭᠢ ᠶᠢ ᠪᠢᠴᠢᠵᠦ ᠣᠷᠣᠭᠤᠯᠬᠤ ᠵᠡᠷᠭᠡ ᠶᠢ ᠪᠡᠶᠡᠯᠡᠭᠦᠯᠵᠦ᠂ ᠡᠯ᠎ᠡ ᠱᠠᠲᠤᠨ ᠤ ᠭᠠᠵᠠᠷ ᠰᠢᠷᠣᠶ ᠲᠠᠲᠠᠪᠤᠷᠢᠯᠠᠭᠰᠠᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠪᠠᠶᠢᠭᠤᠯᠤᠮᠵᠢ᠂ ᠺᠣᠮᠫᠠᠨᠢ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠭᠦᠯᠬᠦ ᠳᠤ ᠬᠦᠷᠦᠭᠦᠯᠦᠨ᠎ᠡ᠃ ᠲᠠᠪᠤ᠂ ᠠᠵᠢᠯ ᠤᠨ ᠱᠠᠭᠠᠷᠳᠠᠯᠭ᠎ᠠ    ︵ᠨᠢᠭᠡ ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠦ ᠤᠷᠤᠭᠤᠯᠬᠤ ᠲᠤᠰᠠᠯᠠᠬᠤ ᠢᠨᠵᠧᠨᠧᠷᠢᠩ ᠤᠨ ᠭᠠᠵᠠᠷ ᠲᠠᠲᠠᠪᠤᠷᠢᠯᠠᠨ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠨᠢᠭᠡᠨᠲᠡ ᠰᠡᠭᠦᠯ ᠤᠨ ᠱᠠᠲᠤᠨ ᠳᠤ ᠤᠷᠤᠭᠰᠠᠨ ᠪᠣᠯᠬᠤᠷ᠂ ᠡᠯ᠎ᠡ ᠬᠤᠯᠪᠣᠭᠳᠠᠯ ᠪᠦᠬᠦᠢ ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠨᠤᠯᠵᠢᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠪᠡᠯᠡ ᠮᠥᠩᠭᠦ᠂ ᠲᠠᠩᠰᠠ ᠡᠪᠬᠡᠮᠡᠯ ᠵᠡᠷᠭᠡ ᠳᠣᠲᠣᠭᠠᠳᠤ ᠦᠢᠯᠡᠰ ᠢ ᠡᠮᠬᠢᠯᠡᠨ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠢᠯᠢᠳᠡᠭ ᠠᠮᠵᠢᠯᠲᠠ ᠪᠠᠷ ᠢᠶᠠᠨ ᠬᠠᠮᠤᠭ ᠤᠨ ᠡᠴᠦᠰ ᠤᠨ ᠰᠢᠯᠭᠠᠨ ᠠᠪᠬᠤ ᠶᠢ ᠤᠭᠲᠤᠬᠤ ᠬᠡᠷᠡᠭᠲᠡᠶ᠃   ︵ᠬᠤᠶᠠᠷ ︶ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ 2023 ᠣᠨ ᠤ ᠠᠵᠢᠯ ᠤᠨ ᠲᠥᠯᠥᠪᠯᠡᠭᠡ ᠶᠢ ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠭᠠᠵᠠᠷ ᠲᠠᠲᠠᠪᠤᠷᠢᠯᠠᠭᠰᠠᠨ ᠠᠷᠠᠳ ᠢ ᠨᠡᠭᠦᠯᠭᠡᠨ ᠲᠥᠪᠬᠢᠨᠡᠭᠦᠯᠬᠦ ᠣᠨ ᠤ ᠲᠥᠯᠥᠪᠯᠡᠭᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠬᠡᠮᠵᠢᠶᠡᠵᠢᠭᠦᠯᠵᠦ᠂ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃    ︵ᠭᠤᠷᠪᠠ ︶ ᠣᠷᠳᠣ ᠬᠤᠭᠤᠴᠠᠭ᠎ᠠ ᠪᠠᠷ ᠲᠥᠯᠥᠪᠵᠢᠭᠦᠯᠵᠦ᠂ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠢ ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠲᠠᠲᠠᠪᠤᠷᠢᠯᠠᠨ ᠨᠡᠭᠦᠯᠭᠡᠭᠰᠡᠨ ᠠᠷᠠᠳ ᠢ ᠲᠥᠪᠬᠢᠨᠡᠭᠦᠯᠬᠦ ᠠᠵᠢᠯ ᠢ ᠲᠣᠬᠢᠲᠠᠶ ᠰᠠᠶᠢᠲᠤᠷ ᠬᠢᠵᠦ᠂ ᠨᠡᠭᠦᠳᠡᠯ ᠠᠷᠠᠳ ᠤᠨ ᠬᠥᠮᠦᠨ ᠠᠮᠠ ᠶᠢ ᠬᠢᠨᠠᠨ ᠪᠠᠶᠢᠴᠠᠭᠠᠬᠤ᠂ ᠨᠡᠭᠦᠳᠡᠯ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠰᠡᠷᠭᠦᠭᠡᠭᠰᠡᠨ ᠪᠠᠶᠢᠳᠠᠯ ᠢ ᠦᠨᠡᠯᠡᠨ ᠵᠢᠱᠢᠬᠦ ᠵᠡᠷᠭᠡ ᠠᠵᠢᠯ ᠢ ᠦᠨᠡᠨ ᠬᠦ ᠴᠢᠩᠭᠠᠳᠬᠠᠵᠤ᠂ ᠤᠰᠤᠨ ᠴᠥᠭᠦᠷᠥᠮ ᠤᠨ ᠨᠡᠭᠦᠳᠡᠯ ᠠᠷᠠᠳ ᠢ ᠨᠡᠭᠦᠯᠭᠡᠨ ᠲᠥᠪᠬᠢᠨᠡᠭᠦᠯᠦᠭᠰᠡᠨ ᠤ ᠳᠠᠷᠠᠭᠠᠬᠢ ᠦᠢᠯᠡᠳᠪᠦᠷᠢᠯᠡᠯ᠂ ᠠᠮᠢᠳᠤᠷᠠᠯ ᠢ ᠰᠡᠷᠭᠦᠭᠡᠭᠰᠡᠨ ᠪᠠᠶᠢᠳᠠᠯ ᠢ ᠪᠤᠰᠤᠳᠴᠢ ᠪᠠᠷ ᠦᠨᠡᠯᠡᠬᠦ ᠪᠠᠷ ᠳᠠᠮᠵᠢᠭᠤᠯᠤᠨ᠂ ᠨᠡᠩ ᠪᠦᠷᠢᠨ ᠲᠡᠭᠦᠯᠳᠡᠷ ᠨᠡᠭᠦᠳᠡᠯ ᠠᠷᠠᠳ ᠤᠨ ᠲᠥᠷᠥ ᠶᠢᠨ ᠪᠤᠳᠤᠯᠭ᠎ᠠ ᠪᠣᠯᠤᠨ ᠨᠡᠭᠦᠳᠡᠯ ᠠᠷᠠᠳ ᠢ ᠲᠡᠳᠬᠦᠬᠦ ᠲᠥᠯᠥᠪᠵᠢᠭᠦᠯᠭᠡ ᠶᠢ ᠲᠣᠭᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号