ᠲᠦᠴᠢᠦᠸᠠᠨ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠦᠦ ᠬᠤᠩ ᠶᠢᠩ ᠨᠠᠷ ᠲᠦᠴᠢᠦᠸᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/4/10
   ᠲᠦᠴᠢᠦᠸᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠭᠦᠨᠵᠡᠭᠡᠢ ᠣᠶᠢᠯᠠᠭᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠬᠦ ᠶᠢ ᠪᠠᠲᠤᠯᠠᠬᠤ ᠶᠢᠨ ᠲᠥᠯᠥᠭᠡ᠃ 4 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠲᠦᠴᠢᠦᠸᠠᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠬᠤᠩ ᠶᠢᠩ ᠲᠦᠴᠢᠦᠸᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠦᠢ ᠯᠧᠢ᠂ ᠰᠤᠷᠭᠠᠨ ᠬᠥᠮᠦᠵᠢᠯ ᠤᠨ ᠲᠠᠰᠤᠭ ᠤᠨ ᠳᠠᠷᠤᠭ᠎ᠠ ᠾᠧ ᠶᠦᠩ ᠰᠢᠨ ᠂ ᠲᠦᠴᠢᠦᠸᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠯᠢᠦ ᠬᠤᠩ ᠰᠥᠩ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠤᠳᠤᠷᠢᠳᠤᠯᠭ᠎ᠠ ᠵᠢᠴᠢ ᠥᠨᠳᠥᠷ ᠳᠤᠮᠳᠠᠳᠤ ᠶᠢᠨ ᠭᠤᠷᠪᠠᠳᠤᠭᠠᠷ ᠠᠩᠭᠢ ᠶᠢᠨ ᠶᠢᠰᠦᠨ ᠬᠢᠴᠢᠶᠡᠯ ᠲᠥᠷᠥᠯ ᠤᠨ ᠬᠢᠴᠢᠶᠡᠯ ᠪᠡᠯᠡᠳᠬᠡᠬᠦ ᠳᠤᠭᠤᠶᠢᠯᠠᠩ ᠤᠨ ᠳᠠᠷᠤᠭ᠎ᠠ ᠲᠣᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠳᠡᠳ᠋ ᠵᠠᠬᠢᠷᠤᠯ ᠵᠣᠣ ᠭᠦᠸᠧ ᠦ᠋ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠢᠯᠭᠠᠯᠲᠠ ᠳᠤ ᠪᠡᠯᠡᠳᠬᠡᠬᠦ ᠠᠵᠢᠯ ᠤᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠡᠢ᠃    ᠶᠢᠰᠦᠨ ᠬᠢᠴᠢᠶᠡᠯ ᠲᠥᠷᠥᠯ ᠤᠨ ᠪᠠᠭᠰᠢ ᠬᠤᠶᠠᠳᠤᠭᠠᠷ ᠡᠭᠡᠯᠵᠢ ᠶᠢᠨ ᠳᠠᠪᠲᠠᠯᠭ᠎ᠠ ᠵᠢᠴᠢ ᠪᠥᠬᠦ ᠠᠶᠢᠮᠠᠭ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠯᠲᠠ ᠶᠢᠨ ᠬᠠᠭᠤᠳᠠᠰᠤ ᠶᠢ ᠵᠠᠳᠠᠯᠬᠤ ᠳᠤᠮᠳᠠ ᠢᠯᠡᠷᠡᠭᠦᠯᠦᠭᠰᠡᠨ ᠠᠰᠠᠭᠤᠳᠠᠯ ᠤᠨ ᠲᠣᠭᠤᠷᠢᠨ ᠳᠤ ᠬᠠᠷᠢᠭᠤ ᠮᠡᠳᠡᠭᠦᠯᠬᠦ ᠪᠠ ᠰᠠᠨᠠᠯ ᠢᠶᠠᠨ ᠭᠦᠨᠵᠡᠭᠡᠢ ᠰᠣᠯᠢᠯᠴᠠᠬᠤ ᠶᠢᠨ ᠬᠠᠮᠲᠤ ᠵᠣᠬᠢᠴᠠᠩᠭᠤᠢ ᠠᠷᠭᠠᠴᠠᠬᠤ ᠪᠣᠳᠣᠯᠭ᠎ᠠ ᠪᠠ ᠰᠠᠨᠠᠭᠤᠯᠭ᠎ᠠ ᠳᠤᠷᠠᠳᠴᠠᠢ᠃    ᠰᠤᠷᠭᠠᠭᠤᠯᠢ ᠶᠢᠨ ᠵᠠᠬᠢᠷᠤᠯ ᠯᠢᠦ ᠬᠤᠩ ᠰᠥᠩ ᠰᠤᠷᠭᠠᠭᠤᠯᠢ ᠶᠢᠨ ᠲᠠᠰ ᠳᠠᠪᠬᠤᠷᠭ᠎ᠠ ᠠᠴᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠤᠨ ᠲᠤᠬᠠᠢ ᠪᠦᠬᠦᠯᠢ ᠴᠣᠭᠴᠠ ᠶᠢᠨ ᠬᠠᠷᠢᠭᠤ ᠮᠡᠳᠡᠭᠦᠯᠦᠯᠲᠡ ᠬᠢᠵᠡᠢ᠃ ᠡᠭᠦᠨ ᠤ ᠬᠠᠮᠲᠤ ᠠᠶᠢᠮᠠᠭ ᠤᠨ ᠲᠣᠪᠴᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠲᠠᠷᠠᠭᠠᠴᠢ ᠶᠢᠨ ᠱᠠᠲᠤᠨ ᠤ ᠡᠯ᠎ᠡ ᠵᠦᠢᠯ ᠤᠨ ᠰᠢᠯᠭᠠᠯᠲᠠ ᠳᠤ ᠪᠡᠯᠡᠳᠬᠡᠬᠦ ᠠᠵᠢᠯ ᠳᠤ ᠲᠣᠳᠣᠷᠬᠠᠢ ᠱᠤᠭᠤᠮ ᠭᠠᠷᠭᠠᠵᠤ᠂ ᠰᠢᠪᠲᠤᠯᠤᠯᠲᠠ ᠶᠢᠨ ᠭᠤᠣᠯ ᠱᠤᠭᠤᠮ ᠤᠨ ᠲᠣᠭᠤᠷᠢᠨ ᠳᠤ ᠡᠯ᠎ᠡ ᠵᠦᠢᠯ ᠤᠨ ᠤᠴᠢᠷ ᠶᠠᠪᠤᠳᠠᠯ ᠢ ᠡᠮᠬᠢ ᠴᠡᠭᠴᠡ ᠲᠠᠢ ᠲᠦᠯᠬᠢᠨ ᠠᠬᠢᠭᠤᠯᠤᠨ᠎ᠠ᠃    ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠦᠢ ᠯᠧᠢ ᠠᠴᠠ ᠰᠢᠯᠭᠠᠯᠲᠠ ᠶᠢᠨ ᠰᠡᠳᠦᠪ ᠢ ᠰᠣᠩᠭᠤᠵᠤ᠂ ᠰᠢᠯᠭᠠᠯᠲᠠ ᠶᠢᠨ ᠰᠡᠳᠦᠪ ᠢ ᠰᠤᠳᠤᠯᠵᠤ᠂ ᠬᠥᠲᠥᠯᠪᠦᠷᠢ ᠶᠢ ᠰᠢᠯᠭᠠᠬᠤ᠂ ᠥᠨᠳᠥᠷ ᠪᠦᠲᠦᠮᠵᠢᠲᠡᠢ ᠬᠢᠴᠢᠶᠡᠯ ᠤᠨ ᠲᠠᠩᠬᠢᠮ ᠢ ᠪᠠᠶᠢᠭᠤᠯᠬᠤ᠂ ᠱᠠᠲᠤ ᠬᠤᠪᠢᠶᠠᠨ ᠵᠢᠭᠠᠨ ᠰᠤᠷᠭᠠᠬᠤ᠂ ᠬᠠᠮᠢᠶᠠᠷᠤᠯᠲᠠ ᠠᠴᠠ ᠶᠠᠰᠤ ᠴᠢᠨᠠᠷ  ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠨᠠᠷᠢᠨ ᠨᠢᠮᠪᠠᠢ ᠵᠢᠭᠠᠨ ᠵᠢᠯᠤᠭᠤᠳᠬᠤ ᠶᠢᠨ ᠬᠠᠮᠲᠤ ᠳᠠᠷᠠᠭᠠᠴᠢ ᠶᠢᠨ ᠱᠠᠲᠤᠨ ᠤ ᠳᠠᠪᠲᠠᠨ ᠰᠢᠯᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠳᠤ ᠵᠢᠭᠠᠨ ᠰᠤᠷᠭᠠᠯᠲᠠ ᠶᠢᠨ ᠠᠬᠢᠴᠠ ᠶᠢ ᠡᠵᠡᠮᠳᠡᠬᠦ᠂ ᠰᠢᠯᠭᠠᠯᠲᠠ ᠶᠢᠨ ᠬᠦᠴᠢᠷ ᠤᠨ ᠬᠡᠮᠵᠢᠶ᠎ᠡ ᠶᠢ ᠡᠵᠡᠮᠳᠡᠬᠦ᠂ ︽ᠬᠤᠶᠠᠷ ᠰᠠᠭᠤᠷᠢ︾ ᠶᠢ ᠪᠠᠲᠤᠳᠬᠠᠬᠤ᠂ ᠰᠢᠯᠢᠳᠡᠭ ᠢ ᠬᠥᠮᠥᠵᠢᠭᠦᠯᠵᠦ ᠵᠥᠷᠢᠶ᠎ᠡ ᠶᠢ ᠨᠥᠬᠦᠪᠦᠷᠢᠯᠡᠬᠦ ᠶᠢ ᠥᠷᠭᠡᠳᠬᠡᠬᠦ᠂ ᠱᠠᠲᠤ ᠬᠤᠪᠢᠶᠠᠨ ᠵᠢᠭᠠᠨ ᠰᠤᠷᠭᠠᠬᠤ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠬᠠᠨᠳᠤᠯᠭᠠᠳᠤ ᠴᠢᠨᠠᠷᠲᠠᠢ ᠰᠠᠨᠠᠭᠤᠯᠭ᠎ᠠ ᠳᠤᠷᠠᠳᠴᠠᠢ᠃ᠪᠦᠦ ᠬᠤᠩ ᠶᠢᠩ ᠰᠢᠶᠠᠨ ᠤ ᠳᠡᠳ᠋ ᠳᠠᠷᠤᠭ᠎ᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠶᠢᠨ ᠨᠠᠷᠢᠨ ᠬᠢᠨᠠᠮᠠᠭᠠᠢ ᠰᠢᠷᠭᠠᠭᠤ ᠬᠠᠲᠠᠭᠤᠵᠢᠯᠲᠠᠢ ᠠᠵᠢᠯᠯᠠᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠠᠵᠢᠯ ᠤᠨ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ ᠪᠦᠦ ᠰᠢᠶᠠᠨ ᠤ ᠳᠠᠷᠤᠭ᠎ᠠ ᠵᠢᠭᠠᠵᠤ ᠭᠠᠷᠭᠠᠭᠰᠠᠨ ᠨᠢ᠂ ᠲᠦᠴᠢᠦᠸᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠶᠠᠭ ᠦᠷᠭᠦᠯᠵᠢᠯᠡᠨ ᠲᠠᠪᠰᠢᠬᠤ ᠰᠠᠶᠢᠨ ᠪᠠᠶᠢᠳᠠᠯ ᠳᠤ ᠣᠷᠣᠰᠢᠵᠤ ᠪᠠᠶᠢᠨ᠎ᠠ᠂ ᠰᠤᠷᠭᠠᠭᠤᠯᠢ ᠶᠢᠨ ᠤᠳᠤᠷᠢᠳᠤᠯᠭ᠎ᠠ ᠣᠶᠤᠨ ᠤᠬᠠᠭᠠᠨ ᠢᠶᠠᠷ ᠬᠥᠲᠥᠯᠥᠨ ᠳᠠᠭᠠᠭᠤᠯᠵᠤ᠂ ᠬᠡᠰᠡᠭ ᠲᠠᠯ᠎ᠠ ᠶᠢ ᠬᠠᠮᠲᠤ ᠳᠤᠨᠢ ᠬᠠᠷᠠᠭᠠᠯᠵᠠᠵᠤ ᠴᠢᠳᠠᠨ᠎ᠠ︔ ᠪᠠᠭᠰᠢ ᠶᠢᠨ ᠰᠢᠯᠭᠠᠯᠲᠠ ᠳᠤ ᠪᠡᠯᠡᠳᠬᠡᠬᠦ ᠪᠦᠯᠬᠦᠮ ᠨᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠷᠭ᠎ᠠ ᠪᠣᠳᠣᠯᠭ᠎ᠠ ᠶᠢᠨ ᠪᠡᠯᠡᠳᠬᠡᠯ ᠤᠨ ᠲᠠᠯ᠎ᠠ ᠪᠠᠷ ᠨᠠᠷᠢᠯᠢᠭ ᠣᠨᠣᠪᠴᠢᠲᠠᠶ ᠵᠠᠳᠠᠯᠤᠯᠲᠠ ᠬᠢᠵᠦ᠂ ᠨᠠᠷᠢᠯᠢᠭ ᠵᠢᠷᠤᠵᠤ ᠲᠥᠯᠥᠪᠯᠡᠬᠦ ᠶᠢ ᠪᠡᠶᠡᠯᠡᠭᠦᠯᠦᠨ᠎ᠡ︔ ᠰᠤᠷᠤᠭᠴᠢ ᠶᠢᠨ ᠢᠷᠡᠯᠲᠡ ᠨᠢ ᠠᠰᠢᠭ ᠦᠭᠡᠢ᠂ ᠴᠠᠭ ᠤᠨ ᠬᠢᠵᠢᠭ ᠳᠡᠯᠭᠡᠷᠡᠭᠰᠡᠨ ᠪᠠᠶᠢᠳᠠᠯ ᠳᠣᠣᠷ᠎ᠠ᠂ ᠰᠤᠷᠭᠠᠭᠤᠯᠢ ᠨᠢ ᠵᠦᠢᠯ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠦᠵᠡᠭᠦᠯᠵᠦ᠂ ᠶᠡᠭᠡ ᠬᠠᠨᠳᠤᠰᠢ ᠶᠢ ᠡᠵᠡᠮᠳᠡᠵᠦ᠂ ᠬᠠᠷᠠᠯᠲᠠ ᠪᠠᠨ ᠴᠢᠩᠭ᠎ᠠ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠮᠠᠨ ᠤ ᠰᠢᠶᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠭᠰᠡᠨ ᠪᠠᠶᠢᠨ᠎ᠠ᠃ ᠪᠦᠦ ᠰᠢᠶᠠᠨ ᠤ ᠳᠠᠷᠤᠭ᠎ᠠ ᠴᠢᠬᠤᠯᠠᠴᠢᠯᠠᠬᠤ ᠳᠠᠭᠠᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠳᠠᠪᠲᠠᠬᠤ ᠰᠢᠯᠭᠠᠯᠲᠠ ᠳᠤ ᠪᠡᠯᠡᠳᠬᠡᠬᠦ ᠪᠣᠯ ᠴᠢᠬᠤᠯᠠ ᠶᠡᠭᠡ ᠶᠠᠪᠤᠳᠠᠯ ᠮᠥᠨ᠂ ᠰᠤᠷᠭᠠᠭᠤᠯᠢ ᠠᠴᠠ ᠪᠥᠬᠦ ᠲᠠᠯ᠎ᠠ ᠪᠠᠷ ᠪᠠᠶᠢᠷᠢᠰᠢᠭᠤᠯᠵᠤ᠂ ᠵᠣᠭᠰᠣᠴᠠ ᠪᠠᠨ ᠳᠡᠭᠡᠭᠰᠢᠯᠡᠭᠦᠯᠦᠨ᠂ ᠠᠶᠢᠮᠠᠭ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢᠨ ᠬᠠᠮᠲᠤ ᠬᠠᠷᠠᠯᠲᠠ ᠶᠢᠨ ᠴᠢᠭᠯᠡᠯ ᠢ ᠡᠮᠬᠢᠯᠡᠨ ᠴᠡᠭᠴᠡᠯᠡᠵᠦ᠂ ᠳᠠᠪᠠᠭᠤᠯᠢᠭ ᠢᠶᠠᠷ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠬᠦ ᠶᠢ ᠴᠢᠬᠤᠯᠠᠴᠢᠯᠠᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠳᠠᠪᠲᠠᠬᠤ ᠰᠢᠯᠭᠠᠯᠲᠠ ᠳᠤ ᠪᠡᠯᠡᠳᠬᠡᠬᠦ ᠠᠵᠢᠯ ᠢ ᠦᠨᠡᠨ ᠬᠦ ᠪᠠᠲᠤ ᠴᠢᠩᠭ᠎ᠠ ᠪᠣᠳᠠᠲᠠᠢ ᠠᠳᠬᠤᠬᠤ ᠬᠡᠷᠡᠭᠲᠡᠢ ᠭᠡᠵᠡᠢ᠃    ᠬᠤᠷᠠᠯ ᠳᠤ ᠣᠷᠣᠯᠴᠠᠭᠰᠠᠨ ᠪᠠᠭᠰᠢ ᠨᠠᠷ ᠬᠤᠶᠢᠰᠢᠳᠠ ᠶᠢᠨ ᠠᠵᠢᠯ ᠤᠨ ᠳᠤᠮᠳᠠ ᠪᠠᠨ ᠴᠤᠭ ᠰᠦᠯᠳᠡ ᠪᠠᠨ ᠤᠯᠠᠮ ᠨᠢᠭᠡ ᠠᠯᠬᠤᠮ ᠪᠠᠳᠠᠷᠠᠭᠤᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠬᠤᠯᠠᠴᠢᠯᠠᠵᠤ᠂ ᠰᠢᠯᠭᠠᠯᠲᠠ ᠳᠤ ᠨᠠᠷᠢᠯᠢᠭ ᠪᠡᠯᠡᠳᠬᠡᠬᠦ ᠶᠢ ᠨᠠᠶᠢᠳᠠᠪᠤᠷᠢᠵᠢᠭᠤᠯᠵᠤ᠂ ᠵᠢᠭᠠᠨ ᠰᠤᠷᠭᠠᠯᠲᠠ ᠶᠢᠨ ᠵᠤᠷᠰᠢᠯ ᠢ ᠪᠣᠳᠠᠲᠠᠢ ᠠᠳᠬᠤᠵᠤ᠂ ᠰᠠᠭᠤᠷᠢ ᠪᠠᠨ ᠪᠠᠲᠤᠳᠬᠠᠵᠤ᠂ ᠯᠠᠪᠳᠠᠭᠤᠨ ᠪᠠᠲᠤᠲᠠᠢ ᠠᠵᠢᠯᠯᠠᠵᠤ᠂ 2023 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠥᠪᠡᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃    ᠲᠣᠰ ᠤᠳᠠᠭᠠᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠪᠡᠯᠡᠳᠬᠡᠬᠦ ᠪᠠᠶᠢᠴᠠᠭᠠᠨ ᠰᠤᠳᠤᠯᠤᠯᠲᠠ ᠨᠢ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠪᠥᠬᠦ ᠪᠠᠭᠰᠢ ᠶᠢᠨ ᠨᠠᠷᠢᠯᠢᠭ ᠣᠨᠣᠴᠠᠲᠠᠢ ᠪᠠᠷ ᠰᠢᠯᠭᠠᠯᠲᠠ ᠳᠤ ᠪᠡᠯᠡᠳᠬᠡᠬᠦ᠂ ᠬᠢᠴᠢᠶᠡᠯ ᠤᠨ ᠲᠠᠩᠬᠢᠮ ᠢ ᠨᠢᠭᠡ ᠯᠡ ᠰᠡᠳᠬᠢᠯ ᠢᠶᠠᠷ ᠡᠵᠡᠩᠨᠡᠬᠦ᠂ ᠲᠤᠰᠬᠠᠢ ᠮᠡᠷᠭᠡᠵᠢᠯ ᠤᠨ ᠠᠵᠢᠯ ᠤᠨ ᠬᠠᠯᠠᠭᠤᠨ ᠰᠡᠳᠬᠢᠯᠭᠡ ᠪᠠ ᠲᠡᠮᠡᠴᠡᠯ ᠤᠨ ᠡᠷᠴᠢ ᠵᠣᠷᠢᠭ ᠢ ᠤᠯᠠᠮ ᠨᠢᠭᠡ ᠠᠯᠬᠤᠮ ᠬᠥᠭᠵᠢᠭᠡᠵᠦ᠂ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ ᠲᠦᠴᠢᠦᠸᠠᠨ ᠨᠢᠭᠡᠳᠦᠭᠡᠷ ᠳᠤᠮᠳᠠᠳᠤ ᠤᠯᠤᠰ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠥᠷᠢᠰᠦᠯᠳᠦᠭᠡᠨ ᠳᠤ ᠰᠢᠭᠤᠳ ᠬᠠᠨᠳᠤᠵᠤ᠂ ᠡᠷᠡᠯᠬᠡᠭᠯᠡᠨ ᠲᠡᠮᠡᠴᠡᠵᠦ᠂ ᠯᠠᠪᠳᠠᠭᠤᠨ ᠪᠠᠲᠤᠲᠠᠢ ᠤᠷᠤᠭᠰᠢᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号