ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠨ᠎ᠠ ︱ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠲᠤᠰᠬᠠᠢ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/10
   ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠠᠮᠢᠶ᠎ᠠ ᠪᠦᠬᠦᠢ ︽ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠬᠠᠮᠢᠶᠠᠷᠤᠯᠲᠠ ᠶᠢᠨ ᠠᠵᠢᠯ ᠢ ᠲᠠᠰᠤᠷᠠᠯᠲᠠ ᠦᠭᠡᠢ  ᠵᠢᠷᠦᠮᠵᠢᠭᠤᠯᠬᠤ ᠶᠢᠨ ᠲᠦᠯᠦᠭᠡ᠂ 4 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠥᠬᠦ ᠰᠢᠶᠠᠨ ᠤ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠲᠤᠰᠬᠠᠢ ᠠᠵᠢᠯ ᠤᠨ ᠬᠤᠷᠠᠯ ᠪᠠ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠬᠤᠷᠠᠯᠳᠤᠭᠤᠯᠵᠤ᠂ ᠪᠥᠬᠦ ᠰᠢᠶᠠᠨ ᠤ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠦᠭᠰᠡᠨ 18 ᠰᠤᠷᠭᠠᠭᠤᠯᠢ ᠶᠢᠨ ᠵᠠᠬᠢᠷᠤᠯ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠬᠤᠭᠤᠯᠠᠨ ᠭᠡᠷ ᠤᠨ ᠬᠠᠮᠢᠶᠠᠷᠤᠭᠴᠢ᠂ ᠰᠠᠷ᠎ᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ ᠠᠵᠢᠯᠲᠠᠨ ᠵᠡᠷᠭᠡ ᠨᠡᠶᠢᠲᠡ 60 ᠭᠠᠷᠤᠢ ᠬᠥᠮᠥᠨ ᠲᠣᠰ ᠤᠳᠠᠭᠠᠨ ᠤ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠵᠠᠢ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠭᠤᠣ ᠰᠢᠶᠣᠣ ᠳ᠋ᠦᠩ ᠲᠤᠰ ᠤᠳᠠᠭᠠᠨ ᠤ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠮᠤᠷ ᠲᠦᠪᠰᠢᠨ ᠤ ᠠᠯᠪᠠᠨ ᠭᠡᠷ ︵ᠰᠢᠮ᠎ᠡ ᠲᠡᠵᠢᠭᠡᠯ ᠤᠨ ᠠᠯᠪᠠᠨ ᠭᠡᠷ︶ ᠤᠨ ᠡᠷᠬᠢᠯᠡᠭᠴᠢ ᠵᠣᠣ ᡁᠢ ᠴᠢᠶᠠᠩ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠬᠠᠨᠳᠤᠯᠭᠠᠲᠤ ᠴᠢᠨᠠᠷᠲᠠᠢ ᠪᠠᠷ ᠵᠢᠭᠠᠨ ᠵᠢᠯᠣᠭᠤᠳᠪᠠ᠃ ᠬᠢᠨᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ ᠮᠠ ᠶᠦᠨ ᠹᠧᠢ ᠠᠴᠠ ᠨᠠᠮ ᠢ ᠴᠢᠩᠭ᠎ᠠ ᠵᠠᠰᠠᠬᠤ ᠪᠠ ᠰᠢᠮ᠎ᠡ ᠲᠡᠵᠢᠭᠡᠯᠲᠦ ᠬᠤᠭᠤᠯᠠᠨ ᠤ ᠰᠠᠬᠢᠯᠭ᠎ᠠ ᠪᠠᠲᠤ ᠪᠣᠯᠣᠨ ᠬᠢᠨᠠᠨ ᠪᠤᠳᠤᠬᠤ ᠠᠵᠢᠯ ᠤᠨ ᠱᠠᠭᠠᠷᠳᠠᠯᠭ᠎ᠠ ᠳᠤ ᠬᠠᠮᠢᠶ᠎ᠠ ᠪᠦᠬᠦᠢ ᠲᠠᠶᠢᠯᠤᠮᠵᠢ ᠬᠢᠵᠦ᠂ ᠪᠤᠰᠤᠳ ᠭᠠᠵᠠᠷ ᠣᠷᠣᠨ ᠤ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠡᠷᠡᠮᠵᠢᠯᠡᠭᠦᠯᠬᠦ ᠬᠥᠮᠦᠵᠢᠯ ᠬᠢᠪᠡ᠃ ᠬᠠᠮᠤᠭ ᠰᠡᠭᠦᠯ ᠳᠤᠨᠢ ᠳᠡᠳ᠋ ᠲᠣᠪᠴᠢᠶᠠᠨ ᠳᠠᠷᠤᠭ᠎ᠠ ᠭᠤᠣ ᠰᠢᠶᠣᠣ ᠳ᠋ᠦᠩ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠠᠵᠢᠯ ᠤᠨ ᠲᠤᠬᠠᠢ ᠶᠠᠷᠢᠶ᠎ᠠ ᠲᠠᠯᠪᠢᠵᠤ᠂ ︽ᠲᠠᠨᠢᠯᠲᠠ ᠪᠠᠨ ᠳᠡᠭᠡᠭᠰᠢᠯᠡᠭᠦᠯᠵᠦ᠂ ᠤᠭ ᠰᠠᠨᠠᠭ᠎ᠠ ᠪᠠᠨ ᠥᠯᠥ ᠮᠠᠷᠲᠠᠬᠤ︔ ᠬᠡᠷᠡᠭ  ᠢᠶᠠᠷ ᠴᠡᠭᠡᠷᠯᠡᠯ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠨ᠎ᠠ︔  ᠳᠦᠷᠢᠮ ᠢ ᠨᠠᠷᠢᠯᠢᠭᠵᠢᠭᠤᠯᠵᠤ ᠂ ᠴᠢᠩᠭ᠎ᠠ ᠵᠢᠷᠤᠮᠯᠠᠬᠤ ᠬᠡᠷᠡᠭᠲᠡᠢ︔ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ ᠳᠥᠷᠪᠡᠨ ᠲᠠᠯ᠎ᠠ ᠠᠴᠠ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃    ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠬᠠᠮᠤᠷᠬᠤ ᠬᠡᠪᠴᠢᠶ᠎ᠡ ᠨᠢ ᠥᠷᠭᠡᠨ ᠳᠡᠯᠭᠡᠷ᠂ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠬᠡᠷᠡᠯ ᠲᠠᠢ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠬᠢᠨᠠᠯᠲᠠ ᠲᠠᠯᠪᠢᠵᠤ ᠬᠢᠨᠠᠨ ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠯᠠᠪᠳᠠᠭᠤᠨ ᠢᠶᠠᠷ ᠠᠬᠢᠭᠤᠯᠵᠤ᠂ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠰᠤᠷᠤᠭᠴᠢᠳ ᠲᠤ ᠢᠳᠡᠪᠬᠢᠲᠡᠢ ᠪᠠᠷ ᠨᠡᠶᠢᠳᠡᠮ ᠠᠰᠢᠭ ᠬᠦᠷᠲᠡᠭᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号