︽ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯᠯᠠᠭ᠎ᠠ︾ ᠲᠦᠴᠢᠦᠸᠠᠨ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠤᠨ ᠰᠤᠷᠤᠯᠴᠠᠬᠤ ᠲᠥᠪ ᠠᠴᠠ ᠲᠦᠴᠢᠦᠸᠠᠨ ᠰᠢᠶᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠴᠦ ᠵᠢᠭᠠᠨ ᠰᠤᠷᠭᠠᠯᠲᠠ ᠶᠢᠨ ᠪᠠᠶᠢᠴᠠᠭᠠᠨ ᠵᠢᠯᠣᠭᠤᠳᠤᠯᠭ᠎ᠠ ᠶᠢᠨ ᠲᠤᠬᠠᠢ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2023/4/10
   4 ᠰᠠᠷ᠎ᠠ ᠶᠢᠨ 6 ᠤ ᠡᠳᠦᠷ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠤᠨ ᠰᠤᠷᠤᠯᠴᠠᠬᠤ ᠲᠥᠪ ᠤᠨ ᠰᠤᠳᠤᠯᠤᠨ ᠪᠣᠯᠪᠠᠰᠤᠷᠠᠭᠤᠯᠤᠭᠴᠢ ᠪᠠᠷ ᠪᠦᠷᠢᠯᠳᠦᠭᠰᠡᠨ ᠪᠠᠶᠢᠴᠠᠭᠠᠨ ᠵᠢᠯᠤᠭᠤᠳᠬᠤ ᠳᠤᠭᠤᠶᠢᠯᠠᠩ ᠲᠦᠴᠢᠦᠸᠠᠨ ᠰᠢᠶᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠴᠦ ᠵᠢᠭᠠᠨ ᠰᠤᠷᠭᠠᠯᠲᠠ ᠶᠢᠨ ᠪᠠᠶᠢᠴᠠᠭᠠᠨ ᠵᠢᠯᠤᠭᠤᠳᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠪᠠᠶᠢᠴᠠᠭᠠᠨ ᠵᠢᠯᠣᠭᠤᠳᠤᠯᠭ᠎ᠠ ᠳᠤ ᠰᠤᠷᠭᠠᠭᠤᠯᠢ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ᠂ ᠶᠣᠰᠣ ᠮᠣᠷᠠᠯ ᠬᠢᠭᠡᠳ ᠬᠠᠤᠯᠢ ᠪᠠᠷ ᠵᠠᠰᠠᠬᠤ᠂ ᠶᠡᠷᠦᠩᠬᠡᠶᠢᠯᠡᠭᠰᠡᠨ ᠦᠢᠯᠡᠳᠦᠯᠭᠡ᠂ ᠬᠥᠳᠡᠯᠮᠦᠷᠢ᠂ ᠳᠠᠭᠤᠤ ᠬᠥᠭᠵᠢᠮ᠂ ᠤᠷᠠᠨ ᠪᠢᠴᠢᠯᠭᠡ᠂ ᠰᠢᠨᠵᠢᠯᠡᠬᠦ ᠤᠬᠠᠭᠠᠨ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ 10 ᠬᠢᠴᠢᠶᠡᠯ ᠲᠥᠷᠥᠯ ᠤᠨ ᠨᠡᠶᠢᠲᠡ 20 ᠬᠢᠴᠢᠶᠡᠯ ᠢ ᠰᠣᠨᠣᠰᠴᠤ᠂ ᠡᠯ᠎ᠡ ᠬᠢᠴᠢᠶᠡᠯ ᠲᠥᠷᠥᠯ ᠤᠨ ᠪᠠᠭᠰᠢ ᠶᠢᠨ ᠰᠢᠨ᠎ᠡ ᠬᠢᠴᠢᠶᠡᠯ ᠤᠨ ᠪᠠᠷᠢᠮᠵᠢᠶ᠎ᠠ ᠤᠨ ᠰᠤᠷᠤᠯᠴᠠᠯᠭ᠎ᠠ ᠶᠢᠨ ᠪᠠᠶᠢᠳᠠᠯ ᠬᠢᠭᠡᠳ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠵᠤᠷᠰᠢᠯ ᠬᠢᠭᠡᠳ ᠪᠠᠭᠰᠢ ᠶᠢᠨ ᠵᠢᠭᠠᠨ ᠰᠤᠷᠭᠠᠯᠲᠠ ᠶᠢᠨ ᠦᠶᠯᠡ ᠠᠵᠢᠯᠯᠠᠭ᠎ᠠ᠂ ᠬᠢᠴᠢᠶᠡᠯ ᠲᠥᠷᠥᠯ ᠤᠨ ᠵᠢᠭᠠᠨ ᠰᠤᠷᠭᠠᠯᠲᠠ ᠬᠢᠭᠡᠳ ᠬᠡᠷᠡᠭᠵᠢᠭᠦᠯᠦᠯᠲᠡ ᠶᠢᠨ ᠣᠳᠣᠬᠢ ᠪᠠᠶᠢᠳᠠᠯ ᠵᠡᠷᠭᠡ ᠶᠢ ᠣᠶᠢᠷ᠎ᠠ ᠵᠠᠢ ᠠᠴᠠ᠂ ᠣᠯᠠᠨ ᠲᠠᠯ᠎ᠠ ᠠᠴᠠ ᠣᠶᠢᠯᠠᠭᠠᠪᠠ᠃    ᠰᠤᠷᠭᠠᠭᠤᠯᠢ ᠠᠴᠠ ᠲᠣᠰ ᠤᠳᠠᠭᠠᠨ ᠤ ᠪᠠᠶᠢᠴᠠᠭᠠᠨ ᠵᠢᠯᠤᠭᠤᠳᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠤᠳᠠᠭᠠᠨ ᠤ ᠪᠠᠶᠢᠴᠠᠭᠠᠨ ᠵᠢᠯᠤᠭᠤᠳᠬᠤ ᠠᠵᠢᠯ ᠳᠤ ᠨᠠᠷᠢᠨ ᠨᠢᠮᠪᠠᠢ ᠲᠣᠬᠢᠷᠠᠭᠤᠯᠤᠯᠲᠠ ᠬᠢᠵᠡᠢ᠃ ᠪᠠᠶᠢᠴᠠᠭᠠᠨ ᠵᠢᠯᠤᠭᠤᠳᠬᠤ ᠠᠵᠢᠯᠯᠠᠭ᠎ᠠ ᠳᠤ ᠬᠢᠴᠢᠶᠡᠯ ᠤᠨ ᠲᠠᠩᠬᠢᠮ ᠳᠤ ᠬᠢᠴᠢᠶᠡᠯ ᠰᠣᠨᠣᠰᠬᠤ᠂ ᠬᠢᠴᠢᠶᠡᠯ ᠦᠨᠡᠯᠡᠵᠦ ᠰᠣᠯᠢᠯᠴᠠᠬᠤ᠂ ᠶᠠᠷᠢᠯᠴᠠᠬᠤ ᠬᠤᠷᠠᠯ ᠬᠢᠵᠦ ᠬᠠᠷᠢᠭᠤ ᠲᠤᠰᠬᠠᠬᠤ ᠵᠡᠷᠭᠡ ᠭᠤᠭᠴᠤᠭ᠎ᠠ ᠪᠠᠭᠲᠠᠨ᠎ᠠ᠃    ᠡᠯ᠎ᠡ ᠬᠢᠴᠢᠶᠡᠯ ᠲᠦᠷᠦᠯ ᠤᠨ ᠪᠠᠭᠰᠢ ᠨᠠᠷ ᠬᠢᠴᠢᠶᠡᠯ ᠲᠦᠷᠦᠯ ᠤᠨ ᠵᠢᠭᠠᠨ ᠰᠤᠷᠭᠠᠯᠲᠠ ᠶᠢᠨ ᠣᠨᠴᠠᠯᠢᠭ ᠢ ᠦᠨᠳᠦᠰᠦᠯᠡᠨ᠂ ᠲᠤᠰ ᠠᠩᠭᠢ ᠶᠢᠨ ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠳᠤ ᠴᠢᠭᠯᠡᠭᠦᠯᠦᠨ᠂ ᠨᠠᠷᠢᠨ ᠨᠢᠮᠪᠠᠢ ᠵᠢᠭᠠᠨ ᠰᠤᠷᠭᠠᠯᠲᠠ ᠶᠢᠨ ᠲᠥᠯᠥᠪᠯᠡᠭᠡ ᠪᠠ ᠵᠢᠭᠠᠨ ᠰᠤᠷᠭᠠᠯᠲᠠ ᠶᠢᠨ ᠪᠦᠷᠢᠨ ᠭᠦᠢᠴᠡᠳ ᠪᠡᠯᠡᠳᠬᠡᠯ ᠬᠢᠪᠡ ; ᠬᠢᠴᠢᠶᠡᠯ ᠤᠨ ᠲᠠᠩᠬᠢᠮ ᠳᠤ ᠪᠠᠭᠰᠢ ᠨᠠᠷ ᠤᠯᠠᠨ ᠶᠠᠩᠵᠤ ᠶᠢᠨ ᠬᠢᠴᠢᠶᠡᠯ ᠤᠨ ᠲᠠᠩᠬᠢᠮ ᠤᠨ ᠣᠷᠴᠢᠨ ᠪᠠᠶᠢᠳᠠᠯ ᠪᠣᠯᠣᠨ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠪᠠᠶᠠᠷ ᠬᠦᠷ ᠲᠠᠢ ᠪᠠᠶᠢᠵᠤ᠂ ᠳᠤᠭᠤᠶᠢᠯᠠᠩ ᠢᠶᠠᠷ ᠢᠳᠡᠪᠬᠢᠲᠡᠢ ᠬᠥᠳᠡᠯᠦᠯᠴᠡᠵᠡᠢ᠃ ᠪᠠᠭᠰᠢ ᠶᠢᠨ ᠠᠯᠬᠤᠮ ᠠᠯᠬᠤᠮ ᠢᠶᠠᠷ ᠵᠢᠯᠣᠭᠤᠳᠤᠯᠭ᠎ᠠ ᠳᠣᠣᠷ᠎ᠠ᠂ ᠰᠤᠷᠤᠭᠴᠢᠳ ᠥᠪᠡᠷ ᠤᠨ ᠪᠡᠶ᠎ᠡ ᠪᠠᠨ ᠭᠦᠢᠴᠡᠳ ᠢᠯᠡᠷᠡᠭᠦᠯᠵᠦ᠂ ᠬᠢᠴᠢᠶᠡᠯ ᠤᠨ ᠲᠠᠩᠬᠢᠮ ᠳᠤ ᠣᠷᠣᠯᠴᠠᠳᠠᠭ᠃    ᠵᠢᠭᠠᠬᠤ ᠠᠴᠠ ᠪᠢᠰᠢ ᠰᠤᠳᠤᠯᠬᠤ ᠦᠭᠡᠢ ᠪᠣᠯᠪᠠᠰᠤ ᠭᠦᠢᠬᠡᠨ ᠪᠣᠯᠵᠤ᠂ ᠰᠤᠳᠤᠯᠬᠤ ᠠᠴᠠ ᠪᠢᠰᠢ ᠵᠢᠭᠠᠬᠤ ᠦᠭᠡᠢ ᠪᠣᠯᠪᠠᠰᠤ ᠬᠤᠭᠤᠰᠤᠨ ᠪᠣᠯᠣᠮᠤᠢ᠃ ᠬᠢᠴᠢᠶᠡᠯ ᠤᠨ ᠳᠠᠷᠠᠭ᠎ᠠ᠂ ᠡᠯ᠎ᠡ ᠬᠢᠴᠢᠶᠡᠯ ᠲᠦᠷᠦᠯ ᠤᠨ ᠰᠤᠷᠭᠠᠭᠴᠢ ᠠᠴᠠ ᠰᠣᠨᠣᠰᠴᠤ ᠪᠠᠶᠢᠭ᠎ᠠ ᠬᠢᠴᠢᠶᠡᠯ ᠲᠥᠷᠥᠯ ᠳᠡᠭᠡᠨ ᠦᠨᠡᠯᠡᠯᠲᠡ ᠬᠢᠵᠦ᠂ ᠪᠠᠭᠰᠢ ᠨᠠᠷ ᠪᠠ ᠰᠤᠳᠤᠯᠤᠨ ᠪᠣᠯᠪᠠᠰᠤᠷᠠᠭᠤᠯᠤᠭᠴᠢ ᠨᠠᠷ ᠰᠠᠨᠠᠯ ᠢᠶᠠᠨ ᠰᠣᠯᠢᠯᠴᠠᠵᠤ᠂ ᠥᠪᠡᠷ ᠤᠨ ᠰᠤᠷᠤᠯᠴᠠᠭᠰᠠᠨ ᠲᠥᠷᠥᠭᠳᠡᠯ ᠪᠠ ᠪᠣᠳᠣᠯᠬᠢᠯᠠᠯ ᠢᠶᠠᠨ ᠬᠤᠪᠢᠶᠠᠯᠴᠠᠭᠰᠠᠨ ᠪᠠᠶᠢᠨ᠎ᠠ᠃    ᠬᠠᠷᠢᠭᠤ ᠲᠤᠰᠬᠠᠯ ᠤᠨ ᠭᠤᠭᠴᠤᠭ᠎ᠠ ᠳᠤ᠂ ᠰᠤᠳᠤᠯᠤᠨ ᠪᠣᠯᠪᠠᠰᠤᠷᠠᠭᠤᠯᠤᠭᠴᠢᠳ ᠬᠢᠴᠢᠶᠡᠯ ᠲᠥᠷᠥᠯ ᠤᠨ ᠬᠢᠴᠢᠶᠡᠯ ᠤᠨ ᠲᠠᠩᠬᠢᠮ ᠤᠨ ᠬᠢᠴᠢᠶᠡᠯ ᠰᠣᠨᠣᠰᠤᠭᠰᠠᠨ ᠪᠠᠶᠢᠳᠠᠯ ᠲᠠᠢ ᠤᠶᠠᠯᠳᠤᠭᠤᠯᠤᠨ᠂ ᠰᠢᠨ᠎ᠡ ᠬᠢᠴᠢᠶᠡᠯ ᠤᠨ ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠢᠴᠢᠶᠡᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠩᠬᠠᠷᠴᠤ᠂ ᠡᠯ᠎ᠡ ᠬᠢᠴᠢᠶᠡᠯ ᠲᠥᠷᠥᠯ ᠤᠨ ᠬᠢᠴᠢᠶᠡᠯ ᠤᠨ ᠵᠢᠱᠢᠶ᠎ᠡ ᠳᠤ ᠲᠣᠰ ᠲᠣᠰ ᠦᠨᠡᠯᠡᠯᠲᠡ ᠬᠢᠵᠦ᠂ ᠪᠠᠭᠰᠢ ᠶᠢᠨ ᠬᠢᠴᠢᠶᠡᠯ ᠤᠨ ᠲᠠᠩᠬᠢᠮ ᠢ ᠡᠵᠡᠮᠳᠡᠬᠦ ᠴᠢᠳᠠᠪᠤᠷᠢ ᠪᠠ ᠭᠢᠯᠠᠰ ᠴᠡᠭ ᠢ ᠭᠦᠢᠴᠡᠳ ᠨᠤᠲᠠᠯᠠᠭᠰᠠᠨ ᠤ ᠬᠠᠮᠲᠤ᠂ ᠥᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠬᠢᠴᠢᠶᠡᠯ ᠲᠥᠷᠥᠯ ᠲᠠᠢ ᠪᠠᠨ ᠤᠶᠠᠯᠳᠤᠭᠤᠯᠤᠨ ᠰᠤᠷᠭᠠᠭᠤᠯᠢ ᠶᠢᠨ ᠲᠠᠷᠠᠭᠠᠴᠢ ᠶᠢᠨ ᠠᠯᠬᠤᠮ ᠤᠨ ᠬᠢᠴᠢᠶᠡᠯ ᠲᠥᠷᠥᠯ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠲᠤᠰᠬᠠᠶᠢᠵᠢᠭᠰᠠᠨ᠂ ᠵᠦᠢ ᠵᠣᠬᠢᠰᠲᠠᠢ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠵᠢᠭᠠᠨ ᠰᠤᠳᠤᠯᠤᠭᠴᠢ ᠬᠠᠷᠠᠮ ᠦᠭᠡᠢ ᠵᠢᠭᠠᠨ ᠰᠤᠷᠭᠠᠨ᠎ᠠ᠂ ᠬᠢᠴᠢᠶᠡᠯᠯᠡᠵᠦ ᠪᠠᠶᠢᠭ᠎ᠠ ᠪᠠᠭᠰᠢ ᠳᠠᠷᠤᠤ ᠬᠢᠴᠢᠶᠡᠩᠭᠦᠢ ᠪᠠᠷ ᠰᠤᠷᠤᠯᠴᠠᠵᠤ᠂ ︽ᠰᠤᠳᠤᠯᠬᠤ︾ ᠶᠢ ᠶᠣᠰᠣ ᠲᠠᠢ ᠪᠣᠯᠭᠠᠵᠤ᠂ ︽ᠰᠤᠳᠤᠯᠬᠤ︾ ᠶᠢ ᠣᠯᠣᠯᠲᠠ ᠲᠠᠢ ᠪᠣᠯᠭᠠᠨ᠎ᠠ︕    ᠲᠣᠰ ᠤᠳᠠᠭᠠᠨ ᠤ ᠵᠢᠭᠠᠨ ᠰᠤᠷᠭᠠᠯᠲᠠ ᠶᠢᠨ ᠪᠠᠶᠢᠴᠠᠭᠠᠨ ᠵᠢᠯᠣᠭᠤᠳᠤᠮᠵᠢ ᠶᠢᠨ ᠪᠠᠶᠢᠴᠠᠭᠠᠯᠲᠠ ᠨᠢ ᠰᠤᠷᠭᠠᠭᠤᠯᠢ ᠳᠤ ᠠᠪᠴᠤ ᠬᠡᠯᠡᠪᠡᠯ ᠨᠢᠭᠡ ᠤᠳᠠᠭᠠᠨ ᠤ ᠣᠯᠳᠠᠰᠢ ᠦᠭᠡᠢ ᠳᠡᠭᠡᠭᠰᠢᠯᠡᠭᠦᠯᠬᠦ ᠶᠠᠪᠤᠴᠠ ᠪᠣᠯᠬᠤ ᠪᠥᠭᠡᠳ ᠨᠠᠩ ᠴᠤ ᠰᠤᠷᠭᠠᠭᠤᠯᠢ ᠶᠢᠨ ᠠᠵᠢᠯ ᠢ ᠰᠢᠪᠠᠳᠠᠨ ᠠᠬᠢᠭᠤᠯᠵᠤ᠂ ᠰᠤᠷᠭᠠᠭᠤᠯᠢ ᠶᠢᠨ ᠵᠢᠷᠤᠮᠵᠢᠭᠤᠨ ᠰᠤᠷᠭᠠᠭᠤᠯᠢ ᠡᠷᠭᠢᠯᠡᠬᠦ ᠶᠢ ᠪᠦᠲᠦᠮᠵᠢᠲᠡᠶ ᠵᠢᠯᠤᠭᠤᠳᠴᠤ ᠪᠣᠯᠬᠤ ᠶᠤᠮ᠃ ᠰᠤᠷᠭᠠᠭᠤᠯᠢ ᠡᠭᠦᠨ ᠢᠶᠠᠷ ᠠᠵᠠ ᠲᠣᠬᠢᠶᠠᠯ ᠪᠣᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠳᠤ ᠰᠠᠭᠤᠷᠢᠯᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠨ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号