ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠲᠡᠳᠬᠦᠮᠵᠢ ᠶᠢᠨ ᠲᠥᠪ ᠲᠦᠴᠢᠦᠸᠠᠨ ᠰᠢᠶᠠᠨ ᠳᠤ ᠭᠦᠨᠵᠡᠭᠡᠶᠢᠷᠡᠨ ᠰᠤᠷᠤᠭᠴᠢᠳ ᠢ ᠲᠤᠰᠠᠯᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/4/11
   4 ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠲᠡᠳᠬᠦᠮᠵᠢ ᠶᠢᠨ ᠲᠥᠪ ᠤᠨ ᠳᠡᠳ᠋ ᠡᠷᠬᠢᠯᠡᠭᠴᠢ ᠯᠢ ᠲᠢᠶᠠᠨ ᠢᠦᠢ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠵᠣᠴᠢᠨ ᠤ ᠬᠤᠶᠠᠳᠤᠭᠠᠷ ᠭᠠᠵᠠᠷ ᠤᠨ ᠳᠡᠭᠡᠳᠦ ᠲᠠᠰ ᠤᠨ ᠳᠠᠭᠠᠭᠠᠮᠠᠯ ᠸᠠᠩ ᠬᠤᠩ ᠴᠢᠦᠢ᠂ ᠠᠶᠢᠮᠠᠭ ᠤᠨ ᠰᠣᠷᠣᠭᠴᠢ ᠶᠢ ᠲᠤᠰᠠᠯᠠᠬᠤ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠠᠩ ᠴᠢᠤᠸᠠᠨ ᠶᠦᠩ ᠵᠡᠷᠭᠡ 5 ᠬᠥᠮᠥᠨ ᠲᠦᠴᠢᠦᠸᠠᠨ ᠰᠢᠶᠠᠨ ᠳᠤ ᠬᠦᠷᠴᠦ ᠰᠣᠷᠣᠭᠴᠢ ᠶᠢ ᠲᠤᠰᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃    ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠱᠢ ᠰᠢᠶᠣᠣ ᠢᠦᠢ᠂ ᠳᠡᠳ᠋ ᠲᠣᠪᠴᠢᠶᠠᠨ ᠳᠠᠷᠤᠭ᠎ᠠ ᠭᠤᠸ ᠰᠢᠤᠸᠠᠢ ᠹᠧᠩ᠂ ᠰᠣᠷᠣᠭᠴᠢ ᠶᠢ ᠲᠡᠳᠬᠦᠨ ᠲᠤᠰᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠢᠦᠢ ᠬᠤᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠦ᠂ ᠰᠣᠷᠣᠭᠴᠢ ᠶᠢ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠢᠴᠢ ᠰᠣᠷᠣᠭᠴᠢ ᠶᠢᠨ ᠰᠠᠭᠤᠭ᠎ᠠ ᠭᠠᠵᠠᠷ ᠤᠨ ᠰᠤᠷᠤᠯᠭ᠎ᠠ ᠶᠢ ᠲᠡᠳᠬᠦᠬᠦ ᠢᠲᠡᠭᠡᠮᠵᠢ ᠶᠢᠨ ᠵᠢᠭᠡᠯᠡᠯᠭᠡ ᠶᠢᠨ ᠬᠠᠮᠢᠶ᠎ᠠ ᠪᠦᠬᠦᠢ ᠠᠵᠢᠯ ᠤᠨ ᠲᠤᠬᠠᠢ ᠶᠠᠷᠢᠯᠴᠠᠬᠤ ᠬᠤᠷᠠᠯ ᠬᠢᠵᠡᠢ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠪᠤᠳᠤᠭᠠᠷ ᠬᠡᠦᠬᠡᠳ ᠤᠨ ᠴᠡᠴᠡᠷᠯᠢᠭ ᠪᠠ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠰᠤᠷᠬᠤ ᠨᠠᠰᠤᠨ ᠠᠴᠠ ᠡᠮᠦᠨᠡᠬᠢ ᠭᠡᠷ ᠤᠨ ᠠᠮᠢᠳᠤᠷᠠᠯ ᠨᠢ ᠬᠦᠴᠢᠷᠳᠡᠯ ᠲᠠᠢ ᠬᠡᠦᠬᠡᠳ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠤᠨ ᠠᠮᠢᠳᠤᠷᠠᠯ ᠨᠢ ᠬᠦᠴᠢᠷᠳᠡᠯ ᠲᠠᠢ ᠪᠠᠶᠢᠷᠢ ᠳᠤ ᠰᠠᠭᠤᠬᠤ ᠰᠤᠷᠤᠭᠴᠢ ᠪᠠ ᠪᠠᠶᠢᠷᠢ ᠳᠤ ᠰᠠᠭᠤᠬᠤ ᠪᠤᠰᠤ ᠰᠤᠷᠤᠭᠴᠢ ᠶᠢᠨ ᠶᠠᠳᠠᠭᠤ ᠬᠦᠴᠢᠷᠳᠡᠯ ᠢ ᠮᠠᠭᠠᠳᠯᠠᠨ ᠲᠣᠭᠲᠠᠭᠠᠬᠤ᠂ ᠬᠢᠨᠠᠨ ᠲᠣᠭᠲᠠᠭᠠᠬᠤ᠂ ᠲᠠᠯᠪᠢᠬᠤ ᠵᠡᠷᠭᠡ ᠶᠠᠪᠤᠴᠠ ᠳᠤ ᠴᠢᠭᠯᠡᠭᠦᠯᠦᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠤᠯᠪᠣᠭᠳᠠᠯ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号