2023 ᠣᠨ ᠤ ᠪᠦᠬᠦ ᠰᠢᠶᠠᠨ ᠤ ᠰᠤᠷᠭᠠᠨ ᠬᠥᠮᠦᠵᠢᠯ ᠤᠨ ᠠᠵᠢᠯ ᠵᠢᠴᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/12
   4 ᠰᠠᠷ᠎ᠠ ᠶᠢᠨ 10  ᠤ ᠦᠳᠡ ᠶᠢᠨ ᠡᠮᠦᠨ᠎ᠡ᠂ 2023 ᠣᠨ ᠤ ᠪᠦᠬᠦ ᠰᠢᠶᠠᠨ ᠤ ᠰᠤᠷᠭᠠᠨ ᠬᠥᠮᠦᠵᠢᠯ ᠤᠨ ᠠᠵᠢᠯ ᠵᠢᠴᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ 2022 ᠣᠨ ᠤ ᠪᠦᠬᠦ ᠰᠢᠶᠠᠨ ᠤ ᠰᠤᠷᠭᠠᠨ ᠬᠥᠮᠦᠵᠢᠯ ᠤᠨ ᠠᠵᠢᠯ ᠤᠨ ᠣᠯᠣᠭᠰᠠᠨ ᠠᠮᠵᠢᠯᠲᠠ ᠶᠢ ᠡᠷᠭᠢᠴᠡᠭᠦᠯᠦᠨ ᠳ᠋ᠦᠩᠨᠡᠵᠦ᠂ 2023 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠢ ᠳᠠᠶᠢᠴᠢᠯᠠᠨ ᠵᠣᠷᠢᠭᠲᠠᠢ ᠪᠠᠷ ᠡᠷᠡᠯᠬᠡᠭᠯᠡᠨ ᠤᠷᠤᠭᠰᠢᠯᠠᠭᠤᠯᠵᠤ᠂ ᠨᠡᠩ ᠰᠢᠯᠢᠳᠡᠭ ᠠᠮᠵᠢᠯᠲᠠ ᠪᠠᠷ ᠲᠦᠴᠢᠦᠸᠠᠨ ᠤ ᠰᠤᠷᠭᠠᠨ ᠬᠥᠮᠦᠵᠢᠯ ᠤᠨ ᠨᠡᠩ ᠰᠠᠶᠢᠨ ᠰᠠᠶᠢᠬᠠᠨ ᠢᠷᠡᠭᠡᠳᠦᠢ ᠶᠢ ᠴᠤᠭᠴᠠᠯᠠᠨ᠎ᠠ᠃ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠦᠦ ᠬᠤᠩ ᠶᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠱᠢ ᠰᠢᠶᠣᠣ ᠢᠦᠢ 2023 ᠣᠨ ᠤ ᠰᠤᠷᠭᠠᠨ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠬᠢᠪᠡ᠃ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠽᠧᠦ ᠵᠢᠢ ᠱᠧᠩ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠬᠢᠵᠦ ᠵᠢᠭᠠᠨ ᠵᠢᠯᠣᠭᠤᠳᠪᠠ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠳᠠᠷᠤᠭ᠎ᠠ ᠭᠤᠸ ᠰᠢᠤᠸᠠᠢ ᠹᠧᠩ ᠬᠤᠷᠠᠯ ᠡᠷᠭᠢᠯᠡᠪᠡ᠃    ᠪᠦᠦ ᠬᠤᠩ ᠶᠢᠩ ᠰᠢᠶᠠᠨ ᠤ ᠳᠡᠳ᠋ ᠳᠠᠷᠤᠭ᠎ᠠ ᠥᠩᠭᠡᠷᠡᠭᠰᠡᠨ ᠨᠢᠭᠡ ᠵᠢᠯ ᠤᠨ ᠪᠦᠬᠦ ᠰᠢᠶᠠᠨ ᠤ ᠰᠤᠷᠭᠠᠨ ᠬᠥᠮᠦᠵᠢᠯ ᠤᠨ ᠠᠵᠢᠯ ᠢ ᠭᠦᠢᠴᠡᠳ ᠨᠤᠲᠠᠯᠠᠪᠠ᠃ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃    ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠮᠥᠨᠴᠦ ᠰᠤᠷᠭᠠᠨ ᠬᠥᠮᠦᠵᠢᠯ ᠤᠨ ᠦᠢᠯᠡᠰ ᠤᠨ ᠳᠠᠪᠠᠯᠲᠠ ᠭᠦᠢᠴᠡᠵᠦ ᠳᠠᠪᠠᠵᠤ ᠭᠠᠷᠬᠤ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ ᠃ ᠪᠥᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠥᠪ ᠬᠤᠷᠢᠶ᠎ᠠ᠂ ᠣᠷᠣᠨ ᠠᠶᠢᠮᠠᠭ᠂ ᠰᠢᠶᠠᠨ ᠤ ᠨᠠᠮ ᠤᠨ ᠬᠤᠷᠢᠶ᠎ᠠ ᠪᠣᠯᠣᠨ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠵᠤ᠂ ︽ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠨᠠᠷ ᠰᠠᠶᠢᠲᠠᠢ ᠡᠷᠭᠢᠯᠡᠬᠦ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠪᠠᠷ ᠦᠨᠳᠦᠰᠦᠨ ᠡᠭᠦᠷᠭᠡ ᠪᠣᠯᠭᠠᠵᠤ᠂ ᠡᠷᠬᠡ ᠲᠡᠭᠰᠢ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠪᠠᠷ ᠬᠠᠷᠠᠯᠲᠠ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠡᠳᠦᠪ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠳᠤ ᠰᠤᠷᠭᠠᠨ ᠬᠥᠮᠦᠵᠢᠯ ᠤᠨ ᠬᠦᠴᠦᠨ ᠢ ᠨᠡᠮᠡᠷᠢᠯᠡᠨ᠎ᠡ᠃    ᠬᠤᠷᠠᠯ ᠲᠦᠴᠢᠦᠸᠠᠨ ᠰᠢᠶᠠᠨ ᠤ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠲᠤ ᠶᠠᠪᠤᠭᠳᠠᠪᠠ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠲᠣᠪᠴᠢᠶ᠎ᠠ ᠶᠢᠨ ᠪᠠᠶᠢᠭᠤᠯᠤᠯᠭ᠎ᠠ ᠶᠢᠨ ᠪᠦᠬᠦ ᠨᠥᠬᠦᠳ᠂ ᠲᠣᠪᠴᠢᠶ᠎ᠠ ᠶᠢᠨ ᠰᠢᠭᠤᠳ ᠬᠠᠷᠢᠶ᠎ᠠ ᠡᠯ᠎ᠡ ᠠᠵᠢᠯ ᠦᠢᠯᠡᠰ ᠤᠨ ᠨᠢᠭᠡᠴᠡ᠂ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭ ᠤᠨ ᠪᠦᠷᠢᠯᠳᠦᠭᠦᠨ ᠨᠡᠶᠢᠳᠡ 230 ᠭᠠᠷᠤᠢ ᠬᠥᠮᠥᠨ ᠬᠤᠷᠠᠯ ᠳᠤ ᠣᠷᠣᠯᠴᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号